ᠣᠷᠳᠣᠰ᠄ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠠᠵᠢᠯᠯᠠᠭ᠎ᠠ ᠥᠷᠨᠢᠭᠦᠯᠵᠦ ᠪᠣᠶ
ᠨᠡᠶᠢᠲᠡᠯᠡᠭᠰᠡᠨ ᠴᠠᠭ᠄
2022/7/19
      ᠡᠨᠡ ᠵᠢᠯ᠂ ᠤᠷᠳᠤᠰ ᠬᠤᠳᠠ 1995 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠢ ᠭᠠᠩ ᠬᠠᠭᠰᠠᠷᠠᠭᠠᠨ ᠳᠤ ᠤᠴᠠᠷᠠᠵᠤ᠂ ᠤᠷᠳᠤᠰ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦ᠋ᠪᠴᠢᠭ ᠢᠳᠡᠪᠬᠢᠲᠡᠢ ᠬᠥᠳᠡᠯᠦᠯᠴᠡᠵᠦ᠂ ᠪᠦᠬᠦ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠵᠣᠬᠢᠶᠠᠨ ᠪᠠᠶᠢᠭᠤᠯᠵᠤ ᠰᠠᠨᠠᠭᠠᠴᠢᠯᠠᠭ᠎ᠠ ᠠᠴᠠ ᠪᠠᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯᠯᠠᠭ᠎ᠠ ᠳᠤ ᠣᠷᠣᠯᠴᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠵᠤ ᠬᠤᠬᠢᠷᠠᠯ ᠢ ᠪᠠᠭᠠᠰᠬᠠᠬᠤ ᠰᠢᠷᠢᠰ ᠦᠢᠯᠡᠴᠢᠯᠡᠭᠡ ᠶᠢ ᠥᠷᠨᠢᠭᠦᠯᠪᠡ᠃       ᠨᠢᠭᠡ᠂ ᠮᠡᠷᠭᠡᠵᠢᠯ ᠤᠨ ᠦᠢᠯᠡᠴᠢᠯᠡᠭᠡ ᠳᠤ ᠰᠢᠨ᠎ᠡ ᠶᠢ ᠡᠭᠦᠳᠴᠦ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠪᠠᠲᠤᠯᠠᠨ᠎ᠠ᠃       ᠪᠣᠷᠣᠭᠠᠨ ᠪᠠᠭ᠎ᠠ ᠭᠠᠩ ᠬᠠᠭᠤᠷᠠᠶ ᠶᠡᠭᠡ ᠰᠠᠯᠬᠢ ᠳᠣᠸ᠋ᠷ᠎ᠠ ᠳᠤᠯᠠᠭᠠᠨ ᠥᠨᠳᠥᠷ ᠳᠤᠯᠠᠭᠠᠨ ᠰᠣᠯᠪᠢᠴᠠᠭᠰᠠᠨ ᠬᠡᠪ ᠤᠨ ᠪᠤᠰᠤ ᠠᠭᠤᠷ ᠠᠮᠢᠰᠬᠤᠯ ᠨᠢ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ᠂ ᠣᠲᠤᠭ ᠬᠤᠰᠢᠭᠤ᠂ ᠬᠠᠩᠭᠢᠨ ᠬᠤᠰᠢᠭᠤ᠂ ᠦᠸ᠋ᠰᠢᠨ ᠬᠤᠰᠢᠭᠤ ᠵᠡᠷᠭᠡ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠦᠶ᠋ᠯᠡᠳᠪᠦᠷᠢᠯᠡᠯ ᠢ ᠬᠦᠨᠳᠦ ᠨᠣᠴᠢᠲᠠᠶ ᠨᠥᠯᠥᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠠᠷᠠᠴᠢᠯᠠᠨ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠡᠪᠡᠰᠦ ᠪᠣᠷᠳᠤᠭ᠎ᠠ ᠳᠠᠷᠢᠬᠤ᠂ ᠥᠨᠳᠥᠷ ᠪᠦᠲᠦᠮᠵᠢᠲᠡᠶ ᠤᠰᠤ ᠬᠡᠷᠡᠭᠯᠡᠬᠦ᠂ ᠪᠣᠷᠣᠯᠠᠭᠤᠯᠤᠨ ᠬᠤᠳᠠᠯᠳᠤᠬᠤ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠭᠠᠩ ᠭᠠᠮᠰᠢᠭ ᠤᠨ ᠲᠠᠷᠢᠶᠠᠯᠠᠩ ᠮᠠᠯ ᠠᠵᠤ ᠠᠬᠤᠶ ᠶᠢᠨ ᠦᠶ᠋ᠯᠡᠳᠪᠦᠷᠢᠯᠡᠯ ᠳᠤ ᠤᠴᠠᠷᠠᠭᠤᠯᠬᠤ ᠬᠤᠬᠢᠷᠠᠯ ᠢ ᠪᠠᠭᠠᠰᠬᠠᠪᠠ᠃ ᠤᠲᠤᠭ ᠬᠤᠰᠢᠭᠤᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠶᠡᠭᠡ ᠬᠡᠮᠵᠢᠶᠡᠨ ᠤ ᠠᠵᠢᠯ ᠥᠷᠨᠢᠭᠦᠯᠵᠦ᠂ ᠡᠨᠡ ᠵᠢᠯ ᠤᠨ ᠬᠠᠪᠤᠷ ᠤᠷᠢᠳᠴᠢᠯᠠᠨ ᠭᠠᠩ ᠬᠠᠭᠰᠠᠷᠠᠭᠠᠨ ᠤ ᠪᠠᠶᠢᠳᠠᠯ ᠢ ᠰᠤᠳᠤᠯᠤᠨ ᠮᠠᠭᠠᠳᠯᠠᠵᠤ᠂ ᠤᠳᠤ ᠪᠠᠶᠢᠭ᠎ᠠ ᠡᠯᠡᠰᠦᠷᠬᠡᠭ ᠣᠷᠣᠨ ᠢ ᠠᠰᠢᠭᠯᠠᠨ ᠡᠪᠡᠰᠦ ᠲᠠᠷᠢᠬᠤ ᠮᠡᠷᠭᠡᠵᠢᠯ᠂ ᠬᠤᠵᠢᠷᠰᠢᠭᠰᠠᠨ ᠬᠠᠳᠤᠯᠠᠩ ᠪᠡᠯᠴᠢᠭᠡᠷ ᠢ ᠰᠠᠶᠢᠵᠢᠷᠠᠭᠤᠯᠬᠤ ᠪᠠ ᠬᠥᠮᠦᠨ ᠤ ᠬᠦᠴᠦ ᠪᠠᠷ ᠡᠪᠡᠰᠦ ᠲᠠᠷᠢᠵᠤ ᠠᠮᠢ ᠠᠬᠤᠢ ᠶᠢ ᠰᠡᠷᠭᠦᠭᠡᠬᠦ ᠰᠤᠳᠤᠯᠭᠠᠨ ᠢ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠠ ᠬᠠᠳᠤᠯᠠᠩ ᠪᠡᠯᠴᠢᠭᠡᠷ ᠢ ᠰᠠᠶᠢᠵᠢᠷᠠᠭᠤᠯᠬᠤ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠪᠡ᠃ᠣᠲᠤᠭ ᠤᠨ ᠡᠮᠦᠨᠡᠲᠦ ᠬᠤᠰᠢᠭᠤᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠰᠢᠨ᠎ᠡ ᠶᠢ ᠡᠭᠦᠳᠬᠦ ᠴᠢᠨᠠᠷᠲᠠᠶ ᠪᠠᠷ 1 ᠮᠥ ᠫᠧᠩ ᠢᠶᠠᠷ 10 ᠮᠥ ᠲᠠᠷᠢᠶᠠᠨ ᠭᠠᠵᠠᠷ ᠤᠨ ᠬᠠᠭᠤᠷᠠᠶ ᠲᠠᠷᠢᠶᠠᠯᠠᠭ᠎ᠠ ᠶᠢ ᠣᠷᠣᠯᠠᠭᠤᠯᠬᠤ ᠰᠢᠨ᠎ᠡ ᠵᠠᠭᠪᠤᠷ ᠢ ᠳᠤᠷᠠᠳᠤᠨ ᠭᠠᠷᠭᠠᠪᠠ᠂ ᠰᠢᠨ᠎ᠡ ᠵᠠᠭᠪᠤᠷ ᠤᠨ ᠬᠠᠮᠤᠭ ᠤᠨ ᠶᠡᠭᠡ ᠬᠢᠯᠠᠰ ᠴᠡᠭ ᠨᠢ ᠤᠸ᠋ᠯ ᠤᠨ 5000 ᠭᠠᠷᠤᠶ ᠪᠣᠰᠤᠭ᠎ᠠ ᠳᠥᠷᠪᠡᠯᠵᠢᠨ ᠮᠧᠲᠷ ᠤᠰᠤ ᠬᠤᠷᠣᠭᠳᠠᠭᠤᠯᠵᠤ ᠪᠠᠶᠢᠭᠰᠠᠨ ᠠᠴᠠ 1500 ᠪᠣᠰᠤᠭ᠎ᠠ ᠳᠥᠷᠪᠡᠯᠵᠢᠨ ᠮᠧᠲᠷ ᠪᠣᠯᠭᠠᠨ ᠪᠠᠭᠠᠰᠬᠠᠵᠤ᠂ ᠣᠲᠤᠭ ᠤᠨ ᠡᠮᠦᠨᠡᠲᠦ ᠬᠤᠰᠢᠭᠤᠨ ᠤ ᠭᠠᠩ ᠬᠠᠭᠰᠠᠷᠠᠭᠠᠨ ᠦᠷᠭᠦᠯᠵᠢᠯᠡᠬᠦ ᠪᠣᠳᠠᠲᠤ ᠪᠠᠶᠢᠳᠠᠯ ᠳᠤ ᠴᠢᠭᠯᠡᠭᠦᠯᠦᠨ᠂ ᠮᠠᠯᠴᠢᠨ ᠲᠠᠷᠢᠶᠠᠴᠢᠨ ᠤ ᠮᠠᠯ ᠢᠶᠠᠨ ᠪᠣᠷᠣᠯᠠᠭᠤᠯᠬᠤ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠳᠠᠷᠢᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠡᠵᠢᠭᠡᠨ ᠠᠷᠠᠴᠢᠯᠠᠬᠤ ᠶᠢ ᠳᠡᠮᠵᠢᠨ ᠪᠣᠷᠳᠣᠵᠤ ᠪᠣᠷᠣᠯᠠᠭᠤᠯᠬᠤ᠂ ᠡᠪᠡᠰᠦ ᠪᠣᠷᠳᠤᠭ᠎ᠠ ᠳᠠᠷᠢᠬᠤ ᠦᠢᠯᠡᠴᠢᠯᠡᠭᠡ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠪᠠᠷ ᠭᠠᠩ ᠬᠠᠭᠰᠠᠷᠠᠭᠠᠨ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠪᠣᠯᠭᠠᠨ ᠬᠤᠪᠢᠷᠠᠭᠤᠯᠤᠨ᠎ᠠ ᠭᠡᠵᠦ ᠳᠤᠷᠠᠳᠤᠨ ᠭᠠᠷᠭᠠᠪᠠ᠃ ᠦᠸ᠋ᠰᠢᠨ ᠬᠤᠰᠢᠭᠤᠨ ᠳᠤ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠰᠤ ᠠᠷᠪᠢᠯᠠᠵᠤ ᠭᠠᠩ ᠲᠠᠢ ᠲᠡᠮᠡᠴᠡᠬᠦ ᠮᠡᠳᠡᠯᠭᠡ ᠶᠢ ᠢᠳᠡᠪᠬᠢᠲᠡᠶ ᠤᠬᠠᠭᠤᠯᠤᠨ ᠳᠡᠯᠭᠡᠷᠡᠭᠦᠯᠪᠡ᠂ ᠲᠠᠷᠢᠶᠠᠨ ᠭᠠᠵᠠᠷ ᠤᠨ ᠠᠮᠢ ᠠᠬᠤᠶ ᠶᠢᠨ ᠤᠰᠤ ᠨᠥᠬᠦᠪᠥᠷᠢᠯᠡᠬᠦ᠂ ᠤᠰᠤᠯᠠᠬᠤ ᠳᠠᠳᠬᠠᠯ ᠢᠶᠠᠨ ᠬᠤᠪᠢᠷᠠᠭᠤᠯᠬᠤ᠂ ᠭᠠᠩ ᠳᠠᠭᠠᠭᠠᠬᠤ ᠡᠭᠦᠯᠳᠡᠷ ᠢ ᠰᠣᠩᠭᠤᠨ ᠬᠡᠷᠡᠭᠯᠡᠬᠦ᠂ ᠴᠢᠬᠢᠭ ᠪᠤᠯᠢᠶᠠᠯᠳᠤᠨ ᠲᠠᠷᠢᠬᠤ᠂ ᠴᠠᠭ ᠲᠤᠨᠢ ᠲᠣᠬᠢᠷᠠᠭᠤᠯᠤᠨ ᠲᠠᠷᠢᠶ᠎ᠠ ᠲᠠᠷᠢᠵᠤ ᠴᠢᠭᠢᠭ ᠢ ᠬᠠᠮᠠᠭᠠᠯᠠᠬᠤ᠂ ᠤᠰᠤᠨ ᠲᠤᠲᠤᠷᠭ᠎ᠠ ᠶᠢᠨ ᠬᠠᠭᠤᠷᠠᠶ ᠭᠠᠵᠠᠷ ᠲᠤ ᠴᠢᠬᠢ ᠪᠤᠶᠢᠵᠢᠭᠤᠯᠬᠤ᠂ ᠤᠰᠤ ᠠᠷᠪᠢᠯᠠᠬᠤ ᠤᠰᠤᠯᠠᠯᠲᠠ᠂ ᠡᠷᠳᠡᠨᠢ ᠰᠢᠰᠢ ᠭᠠᠩ ᠢ ᠡᠰᠡᠷᠭᠦᠴᠡᠨ ᠲᠠᠷᠢᠬᠤ᠂ ᠢᠳᠡᠰᠢᠨ ᠨᠣᠭᠤᠭ᠎ᠠ ᠦᠶ᠋ᠯᠡᠳᠪᠦᠷᠢᠯᠡᠬᠦ ᠳᠤ ᠤᠰᠤ ᠠᠷᠪᠢᠯᠠᠵᠤ ᠭᠠᠩ ᠲᠠᠢ ᠲᠡᠮᠡᠴᠡᠬᠦ᠂ ᠤᠷᠠᠨ ᠪᠣᠷᠳᠤᠭᠤᠷ ᠣᠷᠣᠭᠤᠯᠬᠤ᠂ ᠴᠢᠪᠠᠭ᠎ᠠ ᠶᠢᠨ ᠮᠣᠳᠣ ᠭᠠᠩ ᠢ ᠡᠰᠡᠷᠭᠦᠴᠡᠬᠦ ᠵᠠᠯᠭᠠᠯᠲᠠ ᠵᠡᠷᠭᠡ ᠮᠡᠷᠭᠡᠵᠢᠯ᠂ ᠭᠠᠩ ᠤᠨ ᠵᠠᠪᠰᠢᠶᠠᠨ ᠢᠶᠠᠷ᠂ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠣᠬᠢᠷᠠᠭᠤᠯᠤᠨ᠎ᠠ᠂ ᠰᠢᠨ᠎ᠡ ᠮᠡᠷᠭᠡᠵᠢᠯ ᠢ ᠬᠡᠷᠡᠭᠯᠡᠨ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠣᠭᠠᠨ ᠤ ᠰᠢᠨ᠎ᠡ ᠡᠭᠦᠯᠳᠡᠷ ᠢ ᠣᠷᠣᠭᠤᠯᠤᠨ ᠠᠪᠴᠢᠷᠠᠨ᠎ᠠ᠂ ᠮᠠᠯᠵᠢᠬᠤ ᠣᠷᠣᠨ ᠤ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠂ ᠦᠸ᠋ᠰᠢᠨ ᠬᠤᠰᠢᠭᠤ ᠶᠢ ᠣᠷᠳᠣᠰ ᠬᠤᠲᠠ ᠶᠢᠨ ᠪᠠᠷᠠᠭᠤᠨ ᠬᠡᠰᠡᠭ ᠤᠨ ᠮᠠᠯᠵᠢᠬᠤ ᠣᠷᠣᠨ ᠤ ᠴᠢᠨᠠᠷ ᠰᠠᠶᠢᠲᠠᠶ ᠡᠪᠡᠰᠦ ᠪᠣᠷᠳᠣᠭᠠᠨ ᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃        ᠬᠤᠶᠠᠷ᠂ ᠰᠢᠨ᠎ᠡ ᠬᠡᠪ ᠪᠠᠶᠢᠳᠠᠯ ᠳᠤ ᠰᠢᠭᠤᠳ ᠬᠠᠨᠳᠤᠵᠤ᠂ ᠰᠢᠨ᠎ᠡ ᠭᠠᠷᠬᠤ ᠵᠠᠮ ᠢᠶᠠᠨ ᠣᠨᠣᠪᠴᠢᠲᠠᠢ ᠤᠯᠬᠤ ᠬᠡᠷᠡᠭᠲᠡᠢ᠃       ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠷᠣᠭᠠᠨ ᠪᠠᠭᠠᠲᠠᠶ ᠭᠠᠩ ᠬᠠᠭᠤᠷᠠᠶ ᠤᠰᠤ ᠳᠤᠲᠠᠭᠳᠠᠬᠤ ᠰᠢᠨ᠎ᠡ ᠬᠡᠪ ᠤᠨ ᠪᠠᠶᠢᠳᠠᠯ ᠤᠨ ᠡᠮᠦᠨ᠎ᠡ᠂ ᠠᠯᠢ ᠣᠯᠠᠨ ᠰᠢᠨ᠎ᠡ ᠰᠡᠳᠬᠢᠮᠵᠢ᠂ ᠰᠢᠨ᠎ᠡ ᠦᠵᠡᠯᠲᠡ᠂ ᠰᠢᠨ᠎ᠡ ᠠᠷᠭ᠎ᠠ ᠬᠢᠳᠡᠯ ᠢ ᠳᠤᠷᠠᠳᠤᠨ ᠭᠠᠷᠭᠠᠪᠠ᠃ ᠨᠢᠭᠡ ᠳᠤ᠂ ᠬᠥᠮᠦᠨ ᠮᠠᠯ ᠡᠪᠡᠰᠦ ᠤᠰᠤ ᠶᠢᠨ ᠦᠷᠭᠦᠯᠵᠢᠯᠡᠬᠦ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠰᠠᠨᠠᠭᠤᠯᠭ᠎ᠠ ᠳᠤᠷᠠᠳᠴᠤ᠂ ᠡᠪᠡᠰᠦᠨ ᠤ ᠠᠵᠤ ᠦᠢᠯᠡᠰ ᠢ ᠦᠬᠡᠷ ᠬᠤᠨᠢᠨ ᠤ ᠠᠵᠤ ᠦᠢᠯᠡᠰ ᠤᠨ ᠰᠠᠭᠤᠷᠢ ᠴᠢᠨᠠᠷᠲᠠᠶ ᠠᠵᠤ ᠦᠢᠯᠡᠰ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠲᠠᠶ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠤᠨ ᠲᠤᠯᠭᠠᠭᠤᠷᠢᠯᠠᠯ ᠪᠣᠯᠭᠠᠵᠤ᠂ ᠬᠠᠳᠤᠯᠠᠩ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠥᠮᠦᠨ ᠤ ᠬᠦᠴᠦ ᠪᠠᠷ ᠰᠡᠷᠭᠦᠭᠡᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠬᠠᠮᠲᠤᠪᠠᠷ ᠪᠠᠶᠠᠵᠢᠬᠤ ᠦᠷᠭᠦᠯᠵᠢᠯᠡᠬᠦ ᠬᠥᠭᠵᠢᠯᠲᠡ ᠶᠢᠨ ᠰᠠᠶᠢᠨ ᠰᠠᠶᠢᠬᠠᠨ ᠬᠠᠷᠢᠯᠴᠠᠨ ᠦᠶ᠋ᠯᠡᠳᠦᠯᠴᠡᠬᠦ ᠵᠠᠭᠪᠤᠷ ᠢ ᠪᠠᠶᠢᠭᠤᠯᠵᠤ᠂ ᠡᠪᠡᠰᠦ ᠪᠡᠯᠴᠢᠭᠡᠷ ᠤᠨ ᠮᠠᠯ ᠠᠵᠤ ᠠᠬᠤᠶ ᠶᠢᠨ ᠰᠢᠨ᠎ᠡ ᠣᠨᠣᠯᠵᠢᠬᠤᠨ ᠢ ᠳᠤᠷᠠᠳᠴᠤ᠂ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠢ ᠡᠪᠡᠰᠦ ᠪᠣᠷᠳᠤᠭ᠎ᠠ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠪᠣᠯᠭᠠᠨ᠎ᠠ᠃ᠬᠤᠶᠠᠷ ᠲᠤ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠢ ᠬᠥᠭᠵᠢᠭᠦᠯᠬᠦ 《 ᠲᠣᠮᠣ ᠲᠡᠵᠢᠭᠡᠯ ᠡᠪᠡᠰᠦ ᠪᠣᠷᠳᠣᠭᠠᠨ ᠤ ᠦᠵᠡᠯᠲᠡ 》᠂ 《 ᠪᠥᠬᠦ ᠣᠷᠣᠨ ᠪᠦᠰᠡ ᠶᠢᠨ ᠪᠠᠶᠢᠷᠢᠯᠠᠭᠤᠯᠤᠯᠲᠠ ᠶᠢᠨ ᠦᠵᠡᠯᠲᠡ 》 ᠪᠠ 《 ᠪᠦᠷᠢᠨ ᠰᠢᠮ᠎ᠡ ᠲᠡᠵᠢᠭᠡᠯᠲᠦ ᠣᠯᠠᠨ ᠴᠢᠳᠠᠮᠵᠢᠳᠤ ᠦᠵᠡᠯᠲᠡ 》  ᠶᠢ ᠳᠤᠷᠠᠳᠤᠨ ᠭᠠᠷᠭᠠᠪᠠ᠂ 《 ᠰᠣᠷᠭᠤᠭ ᠡᠪᠡᠰᠦᠨ ᠤ ᠦᠢᠯᠡᠳᠪᠦᠷᠢ 》  ᠶᠢ ᠢᠳᠡᠪᠬᠢᠲᠡᠢ ᠳᠡᠯᠭᠡᠷᠡᠭᠦᠯᠦᠨ᠎ᠡ᠂ ᠳᠣᠷᠪᠢᠵᠢᠭᠤᠯᠬᠤ᠂ ᠪᠣᠰᠤᠭ᠎ᠠ ᠪᠡᠶᠡᠲᠦ ᠤᠷᠭᠤᠮᠠᠯ ᠦᠶ᠋ᠯᠡᠳᠪᠦᠷᠢ ᠶᠢᠨ ᠳᠣᠲᠣᠷ᠎ᠠ ᠠᠷᠪᠠᠶ ᠦᠶ᠋ᠯᠡᠳᠪᠦᠷᠢᠯᠡᠨ᠎ᠡ᠂ ᠤᠷᠭᠤᠮᠠᠯ ᠤᠨ ᠦᠶ᠋ᠯᠡᠳᠪᠦᠷᠢ ᠶᠢᠨ ᠣᠨᠣᠪᠴᠢᠲᠠᠶ ᠠᠭᠤᠷ ᠠᠮᠢᠰᠬᠤᠯ ᠢ ᠡᠵᠡᠮᠳᠡᠬᠦ ᠳᠠᠪᠠᠭᠤᠯᠢᠭ ᠢ ᠠᠰᠢᠭᠯᠠᠬᠤ᠂ ᠮᠠᠨᠠᠨ ᠢᠶᠠᠷ ᠲᠠᠷᠢᠬᠤ ᠠᠷᠭ᠎ᠠ᠂ ᠲᠣᠭᠲᠠᠭᠤᠨ ᠪᠥᠭᠡᠳ ᠬᠢᠵᠠᠭᠠᠷᠯᠠᠯ ᠦᠭᠡᠢ ᠥᠨᠳᠥᠷ ᠪᠦᠲᠦᠮᠵᠢᠲᠡᠶ ᠦᠶ᠋ᠯᠡᠳᠪᠦᠷᠢᠯᠡᠯ ᠬᠢᠨ᠎ᠡ᠂ ᠬᠡᠪ ᠤᠨ ᠦᠢᠯᠡᠳᠪᠦᠷᠢᠯᠡᠯ ᠤᠨ ᠨᠥᠬᠦᠴᠡᠯ ᠳᠣᠣᠷ᠎ᠠ᠂ ᠰᠣᠷᠭᠤᠭ ᠡᠪᠡᠰᠦᠨ ᠤ ᠦᠢᠯᠡᠳᠪᠦᠷᠢ 68 ᠳᠠᠬᠢᠨ ᠦᠷ᠎ᠡ ᠪᠦᠲᠦᠮᠵᠢ ᠣᠯᠵᠤ ᠴᠢᠳᠠᠨ᠎ᠠ᠂ ᠤᠯᠠᠮᠵᠢᠯᠠᠯᠲᠤ ᠲᠡᠵᠢᠭᠡᠯ ᠡᠪᠡᠰᠦ ᠲᠠᠷᠢᠬᠤ ᠲᠠᠯᠠᠪᠠᠢ ᠪᠠ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠳᠤ ᠲᠦᠰᠢᠭᠯᠡᠬᠦ ᠶᠢ ᠶᠡᠭᠡ ᠪᠠᠷ ᠪᠠᠭᠠᠰᠬᠠᠵᠤ ᠪᠣᠯᠤᠨ᠎ᠠ᠂ ᠲᠡᠭᠦᠨ ᠤ ᠦᠶ᠋ᠯᠡᠳᠪᠦᠷᠢᠯᠡᠯ ᠤᠨ ᠦᠶᠡᠯᠡᠯ ᠨᠢ ᠶᠡᠷᠦ ᠳᠤ ᠪᠠᠨ ᠲᠠᠷᠢᠬᠤ ᠠᠴᠠ ᠬᠠᠳᠤᠬᠤ ᠪᠣᠯᠲᠠᠯ᠎ᠠ ᠵᠥᠪᠬᠡᠨ ᠨᠢᠭᠡ ᠭᠠᠷᠠᠭ ᠬᠡᠷᠡᠭᠰᠡᠨ᠎ᠡ᠂ ᠳᠥᠷᠪᠡᠨ ᠤᠯᠠᠷᠢᠯ ᠤᠨ ᠦᠢᠯᠡᠳᠪᠦᠷᠢᠯᠡᠯ᠂ ᠦᠢᠯᠡᠳᠬᠦᠨ ᠤ ᠶᠠᠰᠤ ᠴᠢᠨᠠᠷ ᠰᠡᠶᠢᠢᠠ᠂ ᠰᠢᠮ᠎ᠡ ᠲᠡᠵᠢᠭᠡᠯ ᠤᠨ ᠥᠷᠲᠡᠭ ᠥᠨᠳᠥᠷ᠂ ᠤᠰᠤ ᠴᠠᠬᠢᠯᠭᠠᠨ ᠠᠷᠪᠢᠯᠠᠬᠤ᠂ ᠬᠥᠮᠦᠨ ᠤ ᠬᠦᠴᠦ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠮᠥᠷᠲᠡᠭᠡᠨ ᠪᠦᠲᠦᠭᠡᠭᠳᠡᠬᠦᠨ ᠤ ᠦᠨ᠎ᠡ ᠨᠢ ᠥᠨᠳᠥᠷ᠂ ᠦᠬᠡᠷ ᠬᠤᠨᠢ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠭᠰᠡᠨ ᠡᠪᠡᠰᠦ ᠪᠣᠷᠳᠤᠭ᠎ᠠ ᠶᠢᠨ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ᠭᠤᠷᠪᠠ ᠳᠤ᠂ ᠶᠡᠭᠡ ᠭᠠᠩ ᠬᠠᠭᠰᠠᠷᠠᠭᠠᠨ ᠠᠴᠠ ᠶᠡᠭᠡ ᠬᠤᠪᠢᠷᠠᠯᠲᠠ ᠶᠢ ᠠᠬᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠰᠠᠨᠠᠭᠠᠴᠢᠯᠠᠭᠠᠲᠤ ᠪᠤᠰᠤ ᠪᠠᠷ ᠭᠠᠩ ᠬᠠᠭᠰᠠᠷᠠᠭᠠᠨ ᠲᠠᠢ ᠲᠡᠮᠡᠴᠡᠬᠦ ᠠᠴᠠ ᠦᠷᠭᠦᠯᠵᠢᠯᠡᠭᠰᠡᠨ ᠴᠢᠨᠠᠷᠲᠠᠢ ᠪᠣᠷᠣᠭᠠᠨ ᠪᠠᠭᠠᠲᠠᠶ ᠭᠠᠩ ᠬᠠᠭᠰᠠᠷᠠᠭᠠᠨ ᠲᠠᠢ ᠤᠰᠤ ᠳᠤᠲᠠᠭᠳᠠᠬᠤ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠬᠦᠷᠲᠡᠯ᠎ᠡ᠂ ᠬᠥᠭᠵᠢᠯᠲᠡ ᠶᠢᠨ ᠣᠶᠢᠯᠠᠭᠠᠭᠳᠠᠬᠤᠨ ᠤ ᠬᠤᠪᠢᠰᠤᠯᠲᠠ᠂ ᠠᠶᠤᠯ ᠲᠦᠭᠰᠢᠭᠦᠷᠢ ᠶᠢᠨ ᠬᠤᠪᠢᠰᠤᠯᠲᠠ ᠶᠢ ᠠᠷᠭᠠᠴᠠᠭᠠᠬᠤ᠂ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢᠨ ᠬᠤᠪᠢᠰᠤᠯᠲᠠ᠂ ᠡᠪᠡᠰᠦ ᠪᠣᠷᠳᠤᠭ᠎ᠠ ᠳᠠᠷᠢᠬᠤ ᠪᠦᠲᠦᠴᠡ ᠶᠢᠨ ᠬᠤᠪᠢᠰᠤᠯᠲᠠ ᠪᠠ ᠡᠵᠡᠩᠨᠡᠯᠲᠡ ᠶᠢᠨ ᠣᠶᠢᠯᠠᠭᠠᠭᠳᠠᠬᠤᠨ ᠤ ᠬᠤᠪᠢᠰᠤᠯᠲᠠ ᠵᠡᠷᠭᠡ ᠲᠠᠪᠤᠨ ᠶᠡᠭᠡ ᠬᠤᠪᠢᠰᠤᠯᠲᠠ ᠶᠢᠨ ᠰᠡᠳᠬᠢᠴᠡ ᠶᠢ ᠳᠤᠷᠠᠳᠪᠠ᠃ ᠳᠥᠷᠪᠡ ᠳᠤ᠂ ᠪᠣᠷᠣᠯᠠᠭᠤᠯᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠪᠡᠯᠴᠢᠭᠡᠷ ᠢᠶᠠᠷ ᠮᠠᠯ ᠢ ᠲᠣᠭᠲᠠᠭᠠᠬᠤ ᠶᠢ ᠦᠨᠡᠨ ᠬᠦ ᠨᠠᠶᠢᠳᠠᠪᠤᠷᠢᠵᠢᠭᠤᠯᠵᠤ᠂ ᠰᠠᠭᠤᠷᠢ ᠡᠬᠡ ᠮᠠᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠦᠬᠡᠷ ᠬᠤᠨᠢ ᠶᠢ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠣᠬᠢᠬᠤ ᠬᠡᠪᠴᠢᠶᠡᠵᠢᠯ ᠲᠠᠢ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠲᠠᠪᠤ ᠳᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠡᠪᠡᠰᠦ ᠪᠡᠯᠴᠢᠭᠡᠷ ᠤᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠥᠮᠦᠨ ᠮᠠᠯ ᠡᠪᠡᠰᠦ ᠤᠰᠤ ᠶᠢᠨ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠪᠦᠷᠢᠨ ᠰᠢᠮ᠎ᠡ ᠲᠡᠵᠢᠭᠡᠯᠲᠦ ᠣᠯᠠᠨ ᠴᠢᠳᠠᠮᠵᠢᠲᠦ ᠡᠪᠡᠰᠦ ᠪᠣᠷᠳᠣᠭᠠᠨ ᠤ ᠠᠵᠤ ᠦᠢᠯᠡᠰ᠂ ᠣᠨᠣᠴᠠᠲᠠᠶ ᠰᠢᠮ᠎ᠡ ᠲᠡᠵᠢᠭᠡᠯᠲᠦ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠢᠷᠭᠤᠭ᠎ᠠ ᠳᠤ ᠮᠠᠯᠴᠢᠨ ᠲᠠᠷᠢᠶᠠᠴᠢᠳ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠪᠡᠶ᠎ᠡ ᠪᠠᠷ ᠢᠶᠠᠨ ᠦᠯᠢᠭᠡᠷᠯᠡᠬᠦ᠂ ᠨᠡᠶᠢᠲᠡᠯᠢᠭ ᠵᠢᠱᠢᠶ᠎ᠡ᠂ ᠸᠢᠴᠠᠲ᠂ ᠪᠤᠰᠢᠭᠤ ᠭᠠᠷ᠂ ᠰᠢᠭᠤᠳ ᠨᠡᠪᠲᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠪᠠ ᠠᠷᠭ᠎ᠠ ᠪᠠᠷᠢᠯ ᠢ ᠵᠠᠳᠠᠯᠤᠨ ᠰᠢᠨᠵᠢᠯᠡᠵᠦ᠂ ᠮᠠᠯᠴᠢᠨ ᠲᠠᠷᠢᠶᠠᠴᠢᠳ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠬᠤᠪᠢᠷᠠᠭᠤᠯᠤᠨ᠂ ᠤᠬᠠᠮᠰᠠᠷᠲᠤ ᠠᠵᠢᠯᠯᠠᠭ᠎ᠠ ᠪᠠ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃       2022 ᠣᠨ ᠳᠤ ᠣᠷᠳᠣᠰ ᠬᠤᠲᠠ ᠨᠡᠶᠢᠲᠡ 481 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢ ᠰᠣᠩᠭᠤᠨ ᠲᠣᠮᠢᠯᠠᠵᠤ᠂ ᠡᠭᠦᠨ ᠳᠤ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ 200 ᠬᠥᠮᠦᠨ᠂ ᠬᠤᠰᠢᠭᠤ ᠲᠣᠭᠤᠷᠢᠭ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ 281 ᠬᠥᠮᠦᠨ᠂ ᠬᠠᠤᠯᠢ ᠶᠢᠨ ᠡᠷᠬᠡᠲᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢ ᠰᠢᠨ᠎ᠡ ᠪᠠᠷ 13 ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠠᠵᠢᠯ ᠤᠨ ᠵᠠᠷᠤᠳᠠᠯ ᠢ 300 ᠲᠦᠮᠡᠨ ᠲᠥᠭᠦᠷᠢᠭ ᠪᠠᠭᠤᠯᠭᠠᠪᠠ᠃ ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠴᠢᠳᠠᠪᠤᠷᠢ ᠲᠠᠰ ᠢ ᠣᠨᠣᠪᠴᠢᠲᠠᠶ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠣᠩᠭᠤᠨ ᠲᠣᠮᠢᠯᠠᠬᠤ ᠲᠣᠭᠲᠠᠴᠠ ᠶᠢ ᠪᠦᠷᠢᠨᠰᠢᠭᠦᠯᠵᠦ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠥᠷᠭᠡᠳᠬᠡᠵᠦ᠂ ᠠᠰᠢᠭ ᠲᠤᠰᠠ ᠶᠢᠨ ᠬᠤᠯᠪᠣᠭᠠᠯᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠬᠦᠴᠦᠷᠬᠡᠭ ᠶᠡᠭᠡ ᠬᠥᠳᠡᠯᠭᠡᠬᠦ ᠡᠨᠧᠷᠭᠢ ᠶᠢ ᠪᠠᠳᠠᠷᠠᠭᠤᠯᠤᠨ᠎ᠠ᠃      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号