| | 7 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠠᠯᠪᠠᠨ ᠬᠡᠷ ᠤᠨ ᠨᠠᠮ ᠤᠨ ᠡᠭᠦᠷ᠂ ᠠᠵᠢᠯᠲᠠᠨ ᠤ | ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ | ᠲᠠᠯᠪᠢᠬᠤ ᠭᠠᠵᠠᠷ ᠤᠨ ᠨᠠᠮ ᠤᠨ ᠡᠭᠦᠷ᠂ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ ᠤᠨ ᠨᠠᠮ ᠤᠨ | ᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠭᠠᠵᠠᠷ ᠤᠨ ᠨᠠᠮ ᠤᠨ ᠡᠭᠦᠷ᠂ | ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠲᠥᠪ ᠤᠨ ᠨᠠᠮ ᠤᠨ ᠡᠭᠦᠷ᠂ ᠬᠠᠮᠲᠤᠷᠠᠯᠴᠠᠭ᠎ᠠ ᠪᠠ ᠰᠣᠯᠢᠯᠴᠠᠭᠠᠨ ᠤ | ᠲᠥᠪ ᠤᠨ ᠨᠠᠮ ᠤᠨ ᠡᠭᠦᠷ ᠵᠡᠷᠭᠡ 7 ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠦᠷᠡᠭᠳᠡᠭᠰᠡᠨ ᠪ᠊ ᠪᠠᠭᠠᠲᠣᠷ | ᠳ᠋ᠦ᠋ᠸᠧ ᠰᠥᠩ ᠨᠢᠶᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ 《 ᠬᠤᠷᠢᠨ ᠶᠡᠭᠡ ᠬᠤᠷᠠᠯ ᠢ | ᠪᠠᠶᠠᠷᠯᠠᠨ ᠤᠭᠲᠤᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ | | | | | | | | ᠳᠤᠷᠠᠰᠬᠠᠯ ᠤᠨ ᠣᠷᠳᠣᠨ ᠳᠤ᠂ ᠨᠠᠷᠢᠨ ᠪᠣᠳᠠᠲᠠᠢ ᠭᠡᠷᠡᠯ ᠵᠢᠷᠤᠭ᠂ ᠦᠷᠡᠭᠳᠡᠭᠰᠡᠨ ᠪᠠᠭᠠᠲᠤᠷᠴᠤᠳ ᠤᠨ | ᠦᠯᠡᠳᠡᠭᠡᠭᠰᠡᠨ ᠪᠣᠳᠠᠰ᠂ ᠬᠤᠪᠣᠷ ᠨᠠᠨᠳᠢᠨ ᠪᠢᠴᠢᠮᠡᠯ ᠡᠭᠡ ᠵᠡᠷᠭᠡ ᠮᠠᠲᠧᠷᠢᠶᠠᠯ ᠢᠶᠠᠷ ᠳᠠᠮᠵᠢᠭᠤᠯᠵᠤ᠂ | ᠲᠠᠶᠢᠯᠪᠤᠷᠢᠯᠠᠭᠴᠢ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢᠨ | ᠲᠤᠬᠠᠢ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠥᠪ | ᠴᠢᠬᠡᠴᠢ ᠵᠣᠷᠢᠭ ᠰᠠᠨᠠᠭ᠎ᠠ ᠪᠣᠯᠤᠨ ᠬᠠᠳᠠᠨ ᠪᠠᠲᠤ ᠵᠣᠷᠢᠭ ᠲᠤ ᠰᠡᠳᠬᠢᠯ ᠳᠣᠭᠳᠣᠯᠵᠤ᠂ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠡᠰᠡᠨ ᠡᠷᠡᠰ ᠪᠠᠲᠤ ᠢᠲᠡᠭᠡᠯ | ᠬᠥᠭᠡᠭᠡᠴᠡᠯᠳᠦᠯ ᠢ ᠪᠡᠶᠡᠴᠢᠯᠡᠨ ᠣᠶᠢᠯᠠᠭᠠᠪᠠ᠃ | ᠳᠠᠷᠠᠭ᠎ᠠ ᠨᠢ᠂ ᠪᠥᠬᠦ ᠨᠠᠮ ᠤᠨ ᠭᠡᠰᠢᠭᠦᠳ ᠰᠢᠤᠸᠠᠨ ᠬᠢᠴᠢᠶᠡᠯ ᠤᠨ ᠬᠡᠷ ᠲᠤ ᠬᠦᠷᠴᠦ᠂ ᠨᠠᠮ ᠤᠨ ᠲᠤᠭ ᠤᠨ | ᠡᠮᠦᠨ᠎ᠡ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠤᠩᠰᠢᠪᠠ | ᠃ ᠰᠦᠷ ᠵᠢᠪᠬᠤᠯᠠᠩᠲᠤ ᠲᠠᠩᠭᠠᠷᠢᠭ ᠤᠨ ᠦᠭᠡ᠂ ᠠᠷᠢᠭᠤᠨ ᠳᠠᠷᠬᠠᠨ ᠪᠥᠭᠡᠳ ᠣᠮᠤᠭ ᠲᠡᠭᠦᠯᠳᠡᠷ᠂ ᠡᠷᠡᠰ ᠪᠠᠲᠤ | ᠲᠠᠩᠭᠠᠷᠢᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠰᠢᠰᠲ᠋ᠧᠮ ᠤᠨ ᠪᠦᠬᠦ ᠨᠠᠮ ᠤᠨ | ᠭᠡᠰᠢᠭᠦᠨ ᠤ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠ ᠲᠡᠮᠡᠴᠡᠯ ᠤᠨ ᠤᠭ ᠰᠠᠨᠠᠭ᠎ᠠ ᠶᠢ | ᠢᠯᠡᠷᠡᠭᠦᠯᠪᠡ᠃ | | | | | | | | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠪᠥᠬᠦ ᠨᠠᠮ ᠤᠨ ᠭᠡᠰᠢᠭᠦᠳ ᠢᠯᠡᠷᠬᠡᠶᠢᠯᠡᠬᠦ ᠳᠡᠭᠡᠨ᠂ | ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠠᠴᠠ ᠡᠮᠦᠨᠡᠬᠡᠨ᠂ ᠲᠣᠰ ᠤᠳᠠᠭᠠᠨ ᠤ ᠭᠤᠸ᠋ᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ | ᠬᠡᠲᠦ ᠶᠢᠨ ᠨᠥᠯᠥᠭᠡ ᠲᠠᠢ ᠶᠤᠮ ᠭᠡᠵᠡᠶ᠃ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠤᠪᠢᠰᠬᠠᠯ ᠤᠨ ᠭᠧᠨ | ᠳᠤ ᠦᠨᠳᠦᠰᠦᠯᠡᠵᠦ᠂ ᠨᠠᠮ ᠤᠨ ᠭᠡᠰᠢᠭᠦᠨ ᠺᠠᠳ᠋ᠷ ᠤᠨ ᠲᠡᠦᠬᠡ ᠶᠢ ᠣᠶᠢᠯᠠᠭᠠᠬᠤ ᠨᠠᠮ ᠢᠶᠠᠨ ᠬᠠᠶᠢᠷᠠᠯᠠᠬᠤ | ᠰᠡᠳᠬᠢᠯᠭᠡ ᠶᠢ ᠦᠨᠡᠨᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ | ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ | ᠳᠡᠭᠡᠭᠰᠢᠯᠡᠭᠦᠯᠵᠦ᠂ ᠨᠡᠩ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠨᠡᠩ ᠡᠷᠬᠢᠮ ᠳᠡᠭᠡᠳᠦ ᠡᠭᠦᠷᠭᠡ | ᠬᠠᠷᠢᠭᠤᠴᠠᠯᠭ᠎ᠠ ᠬᠥᠭᠡᠭᠡᠴᠡᠯᠳᠦᠯ᠂ ᠨᠡᠩ ᠯᠠᠪᠳᠠᠭᠤᠨ ᠪᠠᠲᠤᠲᠠᠢ ᠤᠯᠤᠰ ᠲᠦᠷᠦ ᠶᠢᠨ ᠰᠤᠷᠲᠠᠯ ᠢᠶᠠᠷ ᠡᠪ | ᠬᠠᠮᠲᠤᠴᠤᠳ ᠤᠨ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠪᠠ᠃ |