ᠦᠬᠠᠶ ᠬᠤᠲᠠ᠄ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠶᠯᠡᠴᠢᠯᠡᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/7/22
     ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷᠠᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠠᠬᠢᠴᠠ ᠳᠤᠮᠳᠠᠬᠢ ᠢᠳᠡᠪᠬᠢᠲᠡᠶ ᠦᠶᠯᠡᠳᠦᠯ  ᠢ ᠭᠦᠶᠴᠡᠳ ᠪᠠᠳᠠᠷᠠᠭᠤᠯᠬᠤ ᠶᠢᠨ ᠲᠥᠯᠥᠭᠡ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢᠨ ᠲᠦᠷᠢᠮ ᠢ ᠬᠡᠷᠡᠭᠵᠢᠭᠦᠯᠬᠦ ᠪᠠᠷ ᠲᠤᠯᠭᠠᠭᠤᠷᠢᠯᠠᠯ ᠪᠣᠯᠭᠠᠵᠤ᠂ 70 ᠭᠠᠷᠤᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷᠠᠴᠤᠳ ᠤᠨ ᠦᠶᠯᠡᠴᠢᠯᠡᠭᠡᠨ ᠤ ᠠᠩᠭᠢ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠦᠶᠯᠡᠳᠪᠦᠷᠢᠯᠡᠯ ᠠᠮᠢᠳᠤᠷᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠣᠯᠠᠨ ᠬᠡᠯᠪᠡᠷᠢ ᠶᠠᠩᠵᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ  ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ᠂ ᠰᠢᠨᠵᠢᠯᠡᠬᠦ ᠤᠬᠠᠭᠠᠨ  ᠤ ᠮᠡᠳᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠪᠡ  ᠃ ᠲᠦᠷᠦᠭᠦᠬᠡᠨ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠲᠥᠪ ᠤᠨ ᠤᠬᠠᠭᠤᠯᠬᠤ ᠬᠡᠯᠲᠡᠰ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ  ᠤᠨ 《 ᠭᠤᠷᠪᠠ ᠶᠢ ᠬᠥᠳᠡᠭᠡ ᠪᠠᠭᠤᠯᠭᠠᠬᠤ 》 ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠠᠴᠠ ᠲᠣᠰ ᠲᠣᠰ 2021 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ 《 ᠭᠤᠷᠪᠠ  ᠶᠢ ᠬᠥᠳᠡᠭᠡ ᠪᠠᠭᠤᠯᠭᠠᠬᠤ 》 ᠠᠵᠢᠯᠯᠠᠭ᠎ᠠ ᠶᠢᠨ 《 ᠰᠢᠯᠢᠳᠡᠭ ᠪᠦᠯᠬᠦᠮ ᠨᠡᠶᠢᠲᠡ 》 ᠶᠢᠨ ᠢᠷᠠᠭᠤ ᠠᠯᠳᠠᠷ ᠤᠨ ᠴᠣᠯᠠ ᠣᠯᠭᠤᠪᠠ  ᠃       ᠮᠠᠯᠵᠢᠬᠤ ᠲᠠᠷᠢᠶᠠᠯᠠᠬᠤ ᠣᠷᠣᠨ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠭᠤᠤᠯ ᠲᠡᠶᠢᠨ ᠤ ᠲᠠᠯᠠᠪᠤᠷ ᠮᠥᠨ᠂ ᠪᠠᠰᠠ ᠴᠤ ᠦᠬᠠᠶ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠭᠤᠤᠯ ᠲᠡᠶᠢᠨ ᠤ ᠲᠠᠯᠠᠪᠤᠷ ᠮᠥᠨ  ᠃ ᠣᠶᠢᠷ᠎ᠠ ᠶᠢᠨ ᠵᠢᠯ ᠳᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ 《 ᠲᠣᠭᠲᠠᠴᠠ ᠪᠠᠶᠢᠭᠤᠯᠬᠤ᠂ ᠬᠤᠷᠢᠭ᠎ᠠ ᠱᠤᠭᠤᠮ ᠢ ᠰᠠᠬᠢᠬᠤ᠂ ᠨᠢᠭᠲᠠ ᠲᠣᠤᠷ ᠢ ᠰᠦᠯᠵᠢᠬᠦ 》 ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠶ ᠠᠬᠢᠭᠤᠯᠪᠠ  ᠃ ᠠᠯᠢ ᠡᠷᠲᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠲᠤᠨ ᠳᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 《 ᠰᠢᠩ ᠴᠤᠸᠠᠩ ᠲᠢᠶᠠᠨ ᠳ᠋ᠢ 》 ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠠᠵᠢᠯ ᠤᠨ ᠥᠷᠲᠡᠭᠡ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠳᠤ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢ ᠲᠣᠬᠢᠷᠠᠭᠤᠯᠵᠤ᠂ ᠬᠠᠪᠰᠤᠷᠤᠨ ᠲᠡᠳᠬᠦᠬᠦ ᠪᠠᠯᠠ ᠮᠥᠩᠭᠦ ᠶᠢ 1000 ᠭᠠᠷᠤᠶ ᠲᠦᠮᠡᠨ ᠲᠥᠭᠦᠷᠢᠭ ᠣᠷᠣᠭᠤᠯᠵᠤ᠂ ᠬᠠᠶᠢᠨᠠᠨ ᠲᠣᠭᠤᠷᠢᠭ ᠤᠨ 8 ᠵᠠᠰᠠᠭ ᠵᠠᠬᠢᠷᠭᠠᠨ ᠤ ᠲᠣᠰᠬᠤᠨ  ᠤ 238 ᠡᠷᠦᠬᠡ᠂ 578 ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ 107 ᠡᠷᠦᠬᠡ᠂ 259 ᠲᠠᠩᠰᠠ ᠪᠠ ᠺᠠᠷᠲ  ᠲᠠᠢ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠶᠢᠨ ᠬᠠᠮᠲᠤ᠂ 《 ᠰᠢᠩ ᠴᠤᠸᠠᠩ ᠲᠢᠶᠠᠨ ᠳ᠋ᠢ 》 ᠠᠵᠤ ᠠᠬᠤᠶᠢᠯᠠᠯ ᠤᠨ ᠲᠠᠪᠴᠠᠩ ᠢᠶᠠᠷ ᠳᠠᠮᠵᠢᠭᠤᠯᠤᠨ 125 ᠶᠠᠳᠠᠭᠤ ᠬᠦᠴᠢᠷᠳᠡᠯᠲᠡᠶ ᠡᠷᠦᠬᠡ ᠳᠤ ᠦᠵᠦᠮ ᠳᠠᠷᠢᠬᠤ ᠰᠠᠭᠤᠷᠢᠨ ᠭᠠᠵᠠᠷ ᠢ 1560 ᠭᠠᠷᠤᠶ ᠮᠥ ᠪᠠᠶᠢᠭᠤᠯᠵᠤ᠂  ᠃ ᠡᠨᠡᠬᠦ ᠰᠠᠭᠤᠷᠢᠨ ᠳᠡᠭᠡᠷ᠎ᠡ᠂ ᠦᠬᠠᠶ ᠬᠤᠲᠠ ᠶᠢᠨ ᠲᠠᠷᠢᠶᠠᠯᠠᠩ ᠤᠨ ᠬᠥᠲᠥᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠥᠷᠲᠡᠭᠡ ᠶᠢᠨ ᠴᠢᠨᠠᠷ ᠰᠠᠶᠢᠲᠠᠶ ᠲᠠᠷᠢᠶᠠᠯᠠᠩ ᠤᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠬᠤ ᠶᠢᠨ ᠬᠠᠮᠲᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠨᠡᠶᠢᠲᠡ 25 ᠲᠠᠷᠢᠶᠠᠯᠠᠩ ᠤᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ᠂ 18 ᠵᠦᠶᠯ ᠤᠨ ᠲᠠᠷᠢᠶᠠᠯᠠᠩ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ᠎ᠡ  ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ 《 ᠭᠤᠷᠪᠠ ᠶᠢ ᠬᠥᠳᠡᠭᠡ ᠪᠠᠭᠤᠯᠭᠠᠬᠤ 》 ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠠᠵᠢᠯᠯᠠᠬᠤ ᠥᠷᠲᠡᠭᠡ᠂ ᠤᠯᠤᠰ ᠤᠨ ᠲᠠᠰ ᠤᠨ ᠰᠢᠩ ᠴᠤᠸᠠᠩ ᠲᠢᠶᠠᠨ ᠳ᠋ᠢ ᠲᠠᠪᠴᠠᠩ ᠢ ᠲᠠᠷᠢᠶᠠᠯᠠᠬᠤ ᠣᠷᠣᠨ᠂ ᠲᠠᠷᠢᠶᠠᠯᠠᠬᠤ ᠡᠷᠦᠬᠡ᠂ ᠠᠵᠤ ᠠᠬᠤᠶᠢᠯᠠᠯ ᠳᠤ ᠣᠷᠣᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠭᠤᠯᠤᠯ᠂ ᠲᠥᠷᠥᠯ ᠵᠦᠶᠯ ᠢ ᠰᠣᠩᠭᠤᠨ ᠪᠣᠶᠢᠵᠢᠭᠤᠯᠬᠤ ᠮᠡᠷᠭᠡᠵᠢᠯ ᠤᠨ ᠵᠢᠯᠣᠭᠤᠳᠣᠯᠭ᠎ᠠ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠵᠡᠷᠭᠡ ᠦᠶᠯᠡᠴᠢᠯᠡᠭᠡ ᠥᠷᠨᠢᠭᠦᠯᠵᠦ᠂ ᠪᠥᠬᠦ ᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ 《 ᠭᠤᠷᠪᠠ ᠶᠢ ᠬᠥᠳᠡᠭᠡ ᠪᠠᠭᠤᠯᠭᠠᠬᠤ 》 ᠠᠵᠢᠯᠯᠠᠭ᠎ᠠ ᠶᠢ 30 ᠭᠠᠷᠤᠶ ᠤᠳᠠᠭ᠎ᠠ ᠥᠷᠨᠢᠭᠦᠯᠦᠨ᠂ 2000 ᠭᠠᠷᠤᠶ ᠬᠥᠮᠦᠨ ᠳᠤ ᠦᠶᠯᠡᠴᠢᠯᠡᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠪᠠ  ᠃      ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠵᠤ᠂ ᠠᠵᠢᠯ  ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ᠂ ᠬᠠᠮᠲᠤ ᠪᠠᠷ ᠴᠢᠨᠡᠭᠡᠯᠢᠭᠵᠢᠬᠦ  ᠶᠢ ᠪᠡᠶᠡᠯᠡᠭᠦᠯᠬᠦ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ  ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ  ᠃
 
ᠢᠷᠡᠯᠲᠡ᠄ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号