ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 《 ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ 》 ᠶᠢᠨ ᠭᠤᠤᠯᠳᠠᠯᠭ᠎ᠠ  ᠲᠠᠢ ᠲᠤᠰᠬᠠᠶ ᠵᠦᠶᠯ ᠤᠨ 2022 ᠣᠨ ᠤ ᠬᠠᠮᠲᠤᠷᠠᠨ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠵᠣᠬᠢᠶᠠᠨ ᠪᠠᠶᠢᠭᠤᠯᠤᠨ ᠮᠡᠳᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/7/22
ᠡᠯ᠎ᠡ ᠠᠶᠢᠮᠠᠭ ( ᠬᠤᠲᠠ ) ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠯᠪᠣᠭᠳᠠᠯ ᠪᠦᠬᠦᠢ ᠨᠢᠭᠡᠴᠡ᠄     《 ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ( ᠲᠤᠰᠬᠠᠶ ᠵᠦᠶᠯ᠂ ᠰᠠᠭᠤᠷᠢ ᠮᠥᠩᠭᠦ ᠵᠡᠷᠭᠡ ) ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠰᠦᠯ 》 ( ᠲᠥᠷᠥ ᠲᠠᠷᠬᠠᠭᠠᠭᠰᠠᠨ 201464 ᠳ᠋ᠦ᠋ᠭᠡᠷ ᠲᠣᠭᠠᠲᠤ ) ᠵᠡᠷᠭᠡ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠵᠢᠴᠢ 《 ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 〈 ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ 〉 ᠶᠢᠨ ᠭᠤᠤᠯᠳᠠᠯᠭ᠎ᠠ ᠲᠠᠢ ᠲᠤᠰᠬᠠᠶ ᠵᠦᠶᠯ ᠤᠨ 2022 ᠣᠨ ᠤ ᠬᠠᠮᠲᠤᠷᠠᠨ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ ᠲᠤᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠮᠡᠳᠡᠭᠳᠡᠯ 》 ( ᠲᠥᠷᠥ ᠰᠢᠨᠵᠢᠯᠡᠬᠦ ᠲᠠᠷᠬᠠᠭᠠᠭᠰᠠᠨ 2022198 ᠳ᠋ᠤᠭᠠᠷ ᠲᠣᠭᠠᠲᠤ ) ᠢ ᠦᠨᠳᠦᠰᠦᠯᠡᠨ᠂ ᠡᠳᠦᠭᠡ ᠮᠠᠨ  ᠤ ᠣᠷᠣᠨ ᠤ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠬᠤ ᠶᠢ ᠵᠣᠬᠢᠶᠠᠨ ᠪᠠᠶᠢᠭᠤᠯᠬᠤ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ  ᠃       ᠨᠢᠭᠡ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ       1 . ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠨᠢᠭᠡᠴᠡ ᠵᠢᠴᠢ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠬᠠᠷᠢᠭᠤᠴᠠᠯᠭᠠᠲᠠᠨ ᠤ ᠬᠢᠷᠢ ᠬᠡᠮ ᠤᠨ ᠱᠠᠭᠠᠷᠳᠠᠯᠭ᠎ᠠ ᠶᠢ 《 ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 〈 ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ 〉 ᠶᠢᠨ ᠭᠤᠤᠯᠳᠠᠯᠭ᠎ᠠ ᠲᠠᠢ ᠲᠤᠰᠬᠠᠶ ᠵᠦᠶᠯ ᠤᠨ 2022 ᠣᠨ ᠤ ᠬᠠᠮᠲᠤᠷᠠᠨ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ ᠲᠤᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠮᠡᠳᠡᠭᠳᠡᠯ 》 ( ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠲᠠᠷᠬᠠᠭᠠᠭᠰᠠᠨ 2020198 ᠳ᠋ᠤᠭᠠᠷ ᠲᠣᠭᠠᠲᠤ ) ( ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ http᠄ / / service . most . gov . cn ) ᠳᠤ ᠨᠠᠷᠢᠨ ᠦᠵᠡᠭᠡᠷᠡᠶ  ᠃       2 . ᠡᠯ᠎ᠡ ᠪᠠᠲᠤᠯᠠᠨ ᠲᠠᠨᠢᠯᠴᠠᠭᠤᠯᠬᠤ ᠨᠢᠭᠡᠴᠡ ᠨᠢ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠨᠢᠭᠡᠴᠡ  ᠶᠢᠨ ᠡᠭᠦᠷᠭᠡ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠲᠣᠰ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠳᠣᠲᠣᠷ᠎ᠠ ᠪᠠᠲᠤᠯᠠᠨ ᠲᠠᠨᠢᠯᠴᠠᠭᠤᠯᠬᠤ ᠶᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠶᠯ ᠤᠨ ᠦᠨᠡᠨ ᠪᠣᠳᠠᠲᠤ ᠴᠢᠨᠠᠷ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ  ᠃             ᠬᠤᠶᠠᠷ᠂ ᠲᠠᠨᠢᠯᠴᠠᠭᠤᠯᠬᠤ ᠨᠢᠭᠡᠴᠢ       1 . ᠭᠤᠶᠤᠴᠢᠯᠠᠨ ᠮᠡᠳᠡᠭᠦᠯᠬᠦ ᠨᠢᠭᠡᠴᠡ ᠨᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ( http᠄ / / service . most . gov . cn ) ᠢᠶᠠᠷ ᠳᠠᠮᠵᠢᠭᠤᠯᠤᠨ 2022 ᠣᠨ ᠤ 8 ᠳ᠋ᠤᠭᠠᠷ ᠰᠠᠷ᠎ᠠ ᠶᠢᠨ 26 ᠤ ᠡᠳᠦᠷ ᠤᠨ 16᠄ 00 ᠴᠠᠭ ᠠᠴᠠ ᠡᠮᠦᠨ᠎ᠡ ᠰᠦᠯᠵᠢᠶᠡᠨ ᠳᠡᠭᠡᠷ᠎ᠡ ᠲᠥᠷᠥᠯ ᠵᠦᠶᠯ ᠤᠨ ᠤᠷᠢᠳᠴᠢᠯᠠᠨ ᠮᠡᠳᠡᠭᠦᠯᠬᠦ ᠪᠢᠴᠢᠭ ᠢ ᠲᠠᠭᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠡ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ 8 ᠳ᠋ᠤᠭᠠᠷ ᠰᠠᠷ᠎ᠠ ᠶᠢᠨ 26 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ ᠪᠢᠴᠢᠭ ᠵᠢᠴᠢ ᠬᠠᠮᠢᠶ᠎ᠠ ᠪᠥᠬᠦᠶ ᠳᠠᠭᠠᠯᠳᠤᠭᠤᠯᠤᠯ ( ᠡᠯᠧᠺᠲᠷᠣᠨ ᠬᠡᠪᠯᠡᠯ ) ᠢᠶᠠᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠠᠩᠬᠠᠨ ᠤ ᠬᠢᠨᠠᠯᠲᠠ ᠬᠢᠯᠭᠡᠨ᠎ᠡ  ᠃ ᠳᠠᠩᠰᠠᠯᠠᠭᠤᠯᠤᠭᠠᠳᠤᠶ ᠪᠠᠷ ᠮᠡᠳᠡᠭᠦᠯᠦᠭᠰᠡᠨ ᠨᠢᠭᠡᠴᠡ ᠨᠢ ᠰᠦᠯᠵᠢᠶᠡᠨ ᠥᠷᠲᠡᠭᠡ ᠶᠢᠨ ᠵᠢᠭᠠᠨ ᠵᠢᠯᠣᠭᠤᠳᠣᠯᠭ᠎ᠠ ᠶᠣᠰᠣᠭᠠᠷ ᠳᠠᠩᠰᠠᠯᠠᠭᠤᠯᠬᠤ ᠬᠡᠷᠡᠭᠲᠡᠶ ( ᠮᠡᠷᠭᠡᠵᠢᠯ ᠤᠨ ᠯᠠᠪᠯᠠᠭ᠎ᠠ ᠶᠢᠨ ᠤᠲᠠᠰᠤ᠄ 010 - 58882999 ) ᠪᠥᠭᠡᠳ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 》 ᠢ ᠰᠣᠩᠭᠤᠨ ᠲᠠᠨᠢᠯᠴᠠᠭᠤᠯᠬᠤ ᠨᠢᠭᠡᠴᠡ ᠪᠣᠯᠭᠠᠨ᠎ᠠ  ᠃       2 . ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠳ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠠᠨᠢᠯᠴᠠᠭᠤᠯᠤᠭᠰᠠᠨ ᠲᠥᠷᠥᠯ ᠵᠦᠶᠯ ᠤᠨ ᠨᠠᠷᠢᠨ ᠬᠠᠭᠤᠳᠠᠰᠤ ( ᠰᠢᠷᠪᠢᠭᠰᠡᠨ ᠪᠢᠴᠢᠭ ᠮᠠᠲ᠋ᠧᠷᠢᠶᠠᠯ ) ᠪᠠᠨ 8 ᠳ᠋ᠤᠭᠠᠷ ᠰᠠᠷ᠎ᠠ  ᠶᠢᠨ 30 ᠤ ᠡᠳᠦᠷ ᠠᠴᠠ ᠡᠮᠦᠨ᠎ᠡ ᠡᠯᠧᠺᠲᠷᠣᠨ ᠰᠢᠦᠳᠠᠨ ᠤ ᠬᠠᠶᠢᠷᠴᠠᠭ ( nmgjhc @ 163 . com ) ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ  ᠃       3 . ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠥᠪᠬᠡᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠨ ᠪᠠᠲᠤᠯᠠᠨ ᠲᠠᠨᠢᠯᠴᠠᠭᠤᠯᠤᠭᠰᠠᠨ ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠨ᠂ 9 ᠳ᠋ᠦ᠋ᠭᠡᠷ ᠰᠠᠷ᠎ᠠ ᠶᠢᠨ 2 ᠤᠨ ᠡᠳᠦᠷ ᠤᠨ 16᠄ 00 ᠴᠠᠭ ᠠᠴᠠ ᠡᠮᠦᠨ᠎ᠡ ᠪᠠᠲᠤᠯᠠᠨ ᠲᠠᠨᠢᠯᠴᠠᠭᠤᠯᠤᠭᠰᠠᠨ ᠲᠥᠷᠥᠯ ᠵᠦᠶᠯ  ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠳᠤ ᠲᠤᠰᠢᠶᠠᠨ᠎ᠠ  ᠃          ᠭᠤᠷᠪᠠ᠂ ᠬᠠᠷᠢᠯᠴᠠᠬᠤ ᠬᠡᠯᠪᠡᠷᠢ       1 . ᠲᠤᠬᠠᠶᠢᠯᠠᠭᠰᠠᠨ ᠠᠵᠢᠯ ᠤᠨ ᠯᠠᠪᠯᠠᠯᠭ᠎ᠠ  ᠃ᠬᠠᠷᠢᠯᠴᠠᠬᠤ ᠬᠥᠮᠦᠨ᠄ ᠳᠡᠭᠡᠳᠦ ᠰᠢᠨ᠎ᠡ ᠮᠡᠷᠭᠡᠵᠢᠯ ᠤᠨ ᠭᠠᠵᠠᠷ ᠯᠢ ᠶᠠᠨ ᠯᠢ ᠤᠲᠠᠰᠤ᠄ 0471 - 6328606       ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠴᠢ ᠾᠤᠢ ᠤᠲᠠᠰᠤ᠄ 0471 - 6328615       ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠭᠠᠵᠠᠷ ᠯᠢᠦ ᠶᠢᠨ ᠲᠤᠤ ᠤᠲᠠᠰᠤ᠄ 0471 - 6328620       2 . ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ  ᠃ᠬᠠᠷᠢᠯᠴᠠᠬᠤ ᠬᠥᠮᠦᠨ᠄ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ ᠤᠨ ᠶᠠᠩ ᠷᠦᠢ ᠤᠲᠠᠰᠤ᠄ 0471 - 6328708                                                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ                                                                    2022 ᠣᠨ ᠤ 7 ᠳ᠋ᠤᠭᠠᠷ ᠰᠠᠷ᠎ᠠ  ᠶᠢᠨ 21 ᠤ ᠡᠳᠦᠷ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号