| | ᠪᠥᠬᠦ ᠤᠯᠤᠰ ᠤᠨ ᠵᠡᠭᠦᠨ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ | ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠵᠤ ᠪᠣᠳᠠᠲᠠᠶᠢᠵᠢᠭᠤᠯᠬᠤ ᠲᠤᠬᠠᠶ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 21 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 《 ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠭᠤᠤᠯᠳᠠᠯᠭ᠎ᠠ ᠲᠠᠢ ᠬᠠᠮᠲᠤᠷᠠᠯᠴᠠᠭᠠᠨ | ᠤ ᠵᠦᠶᠯᠡᠰ ᠢ ᠠᠬᠢᠭᠤᠯᠤᠭᠰᠠᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ | ᠳᠡᠳ᠋ ᠳᠠᠷᠤᠭ᠎ᠠ ᠯᠢᠦ ᠱᠤᠸᠠᠩ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | | | ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ 》 ᠭᠤᠤᠯᠳᠠᠯᠭ᠎ᠠ ᠲᠠᠢ ᠬᠠᠮᠲᠤᠷᠠᠯᠴᠠᠭᠠᠨ ᠤ ᠵᠦᠶᠯᠡᠰ ᠤᠨ ᠠᠬᠢᠴᠠ ᠶᠢᠨ ᠪᠠᠶᠢᠳᠠᠯ᠂ ᠱᠠᠲᠤᠴᠢ | ᠴᠢᠨᠠᠷᠲᠠᠶ ᠦᠷ᠎ᠡ ᠪᠦᠲᠦᠮᠵᠢ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ | ᠬᠠᠷᠢᠭᠤ ᠮᠡᠳᠡᠭᠦᠯᠦᠯᠲᠡ ᠬᠢᠪᠠ᠃ | | | | | | | ᠯᠢᠦ ᠱᠤᠸᠠᠩ ᠲᠣᠬᠢᠷᠠᠭᠤᠯᠤᠯᠲᠠ ᠶᠢᠨ ᠬᠤᠷᠠᠯ ᠳᠡᠭᠡᠷ᠎ᠡ 2022 ᠣᠨ ᠤ ᠳᠡᠭᠡᠷ᠎ᠡ ᠬᠠᠭᠠᠰ ᠵᠢᠯ ᠤᠨ ᠪᠥᠬᠦ | ᠣᠷᠣᠨ ᠤ 《 ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 | ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ ᠰᠢᠨ᠎ᠡ ᠱᠠᠲᠤᠨ ᠳᠤ 《 ᠰᠢᠨᠵᠢᠯᠡᠬᠦ | ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢᠨ ᠴᠢᠬᠤᠯᠠ ᠠᠴᠢ | ᠬᠤᠯᠪᠣᠭᠳᠠᠯ ᠢ ᠭᠦᠨᠵᠡᠭᠡᠶ ᠣᠶᠢᠯᠠᠭᠠᠵᠤ᠂ 《 ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ | ᠢᠶᠠᠨ ᠮᠠᠨᠳᠤᠭᠤᠯᠬᠤ 》 ᠠᠵᠢᠯᠯᠠᠭ᠎ᠠ ᠶᠢ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ | ᠬᠤᠭᠤᠴᠠᠭᠠᠨ ᠤ ᠥᠪᠥᠷ ᠮᠣᠩᠭᠤᠯ ᠤᠨ ᠤᠯᠤᠰ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠳᠤ | ᠠᠭᠤᠰᠤᠯᠴᠠᠬᠤ ᠴᠢᠬᠤᠯᠠ ᠭᠠᠷᠳᠠᠴᠠ ᠪᠠ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠠᠷᠢᠯ ᠪᠣᠯᠭᠠᠵᠤ᠂ ᠪᠥᠬᠦ ᠣᠷᠣᠨ ᠤ | ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠰᠲ᠋ᠧᠮ 《 ᠰᠢᠨᠵᠢᠯᠡᠬᠦ ᠤᠬᠠᠭᠠᠨ ᠲᠧᠭ ᠃ | ᠯᠢᠦ ᠱᠤᠸᠠᠩ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ | 》 ᠠᠵᠢᠯᠯᠠᠭ᠎ᠠ ᠶᠢᠨ ᠡᠯ᠎ᠡ ᠵᠦᠶᠯ ᠤᠨ ᠵᠥᠪᠯᠡᠯᠴᠡᠭᠡᠷ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠰᠠᠶᠢᠲᠤᠷ ᠠᠳᠬᠤᠵᠤ᠂ 《 ᠪᠣᠳᠠᠲᠠᠶ 》 ᠪᠠᠶᠢᠬᠤ ᠦᠷ᠎ᠡ ᠪᠦᠲᠦᠮᠵᠢ ᠶᠢ ᠳᠣᠪᠣᠶᠢᠯᠭᠠᠨ᠂ 《 ᠴᠡᠭ 》 ᠤᠨ | ᠲᠤᠯᠭᠠᠭᠤᠷᠢᠯᠠᠯ ᠢ ᠴᠢᠩᠭᠠᠳᠬᠠᠵᠤ᠂ 《 ᠪᠥᠬᠦ ᠲᠠᠯ᠎ᠠ 》 ᠶᠢᠨ ᠳᠡᠭᠡᠭᠰᠢᠯᠡᠯᠲᠡ ᠶᠢ ᠴᠢᠬᠤᠯᠠᠴᠢᠯᠠᠬᠤ ᠬᠡᠷᠡᠭᠲᠡᠶ ᠃ | ᠬᠡᠯᠡᠯᠴᠡᠭᠡᠷ ᠤᠨ ᠠᠭᠤᠯᠭ᠎ᠠ ᠶᠢ ᠰᠠᠶᠢᠲᠤᠷ ᠰᠤᠳᠤᠯᠤᠨ ᠰᠠᠶᠢᠲᠤᠷ ᠡᠵᠡᠮᠳᠡᠵᠦ᠂ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠬᠠᠮᠲᠤᠷᠠᠯᠴᠠᠭᠠᠨ ᠤ ᠡᠴᠦᠰ ᠤᠨ ᠬᠠᠷᠠᠯᠲᠠ ᠪᠣᠯᠭᠠᠬᠤ ᠬᠡᠷᠡᠭᠲᠡᠢ ᠃ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ᠂ ᠭᠤᠤᠯᠳᠠᠯᠭ᠎ᠠ ᠲᠠᠢ ᠠᠵᠤ ᠦᠶᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠳᠤ ᠠᠩᠬᠠᠷᠤᠯ | ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠯᠪᠡᠭ ᠪᠠᠶᠠᠯᠢᠭ ᠬᠡᠷᠡᠭᠯᠡᠭᠡᠨ ᠤ ᠲᠠᠯᠠᠪᠤᠷ ᠬᠢᠭᠡᠳ ᠣᠷᠣᠨ | ᠤ ᠭᠠᠳᠠᠨᠠᠬᠢ ᠴᠢᠨᠠᠷ ᠰᠠᠶᠢᠲᠠᠶ ᠰᠢᠨ᠎ᠡ ᠶᠢ ᠡᠭᠦᠳᠬᠦ ᠡᠬᠢ ᠪᠠᠶᠠᠯᠢᠭ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ | ᠬᠡᠷᠡᠭᠲᠡᠶ ᠃ 《 4 + 8 + N 》 ᠬᠠᠮᠲᠤᠷᠠᠯᠴᠠᠭᠠᠨ ᠤ ᠭᠤᠣᠯ ᠴᠣᠭᠴᠠ ᠶᠢᠨ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠤᠯᠠᠨ ᠬᠡᠯᠪᠡᠷᠢ ᠮᠠᠶ᠋ᠢᠭ ᠤᠨ᠂ ᠰᠢᠰᠲ᠋ᠧᠮ ᠲᠠᠢ ᠬᠤᠷᠠᠮᠠᠯ ᠬᠠᠮᠲᠤᠷᠠᠯᠴᠠᠭᠠᠨ ᠤ | ᠵᠠᠭᠪᠤᠷ ᠢ ᠪᠤᠢ ᠪᠣᠯᠭᠠᠬᠤ ᠬᠡᠷᠡᠭᠲᠡᠢ ᠃ | ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 《 ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠬᠠᠮᠲᠤᠷᠠᠯᠴᠠᠭᠠᠨ ᠤ ᠵᠦᠶᠯᠡᠰ ᠤᠨ | ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ ᠲᠠᠢ ᠬᠠᠮᠲᠤᠷᠠᠯᠴᠠᠭᠠᠨ ᠤ ᠵᠦᠶᠯᠡᠰ | ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠳᠠᠭᠠᠵᠤ᠂ ᠬᠦᠴᠢᠷᠳᠡᠯ ᠢ ᠢᠯᠡᠷᠡᠭᠦᠯᠵᠦ᠂ ᠪᠠᠶᠢᠳᠠᠯ ᠢ ᠬᠠᠷᠢᠭᠤ | ᠲᠤᠰᠬᠠᠵᠤ᠂ ᠠᠰᠠᠭᠤᠳᠠᠯ ᠢ ᠰᠢᠶᠳᠪᠦᠷᠢᠯᠡᠵᠦ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ 》 ᠡᠯ᠎ᠡ ᠵᠦᠶᠯ ᠤᠨ ᠵᠥᠪᠯᠡᠯᠴᠡᠭᠡᠷ ᠢ ᠪᠣᠳᠠᠲᠠᠶ ᠳᠤ ᠨᠠᠶᠢᠳᠠᠪᠤᠷᠢᠵᠢᠭᠤᠯᠬᠤ᠂ | ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠤᠨ᠎ᠠ ᠃ | ᠲᠣᠰ ᠤᠳᠠᠭ᠎ᠠ ᠶᠢᠨ ᠬᠤᠷᠠᠯ ᠢ ᠲᠤᠬᠠᠶ ᠶᠢᠨ ᠲᠠᠯᠠᠪᠠᠶ ᠪᠣᠯᠤᠨ ᠸᠢᠳᠢᠣ᠋ ᠶᠢ ᠤᠶᠠᠯᠳᠤᠭᠤᠯᠬᠤ ᠠᠷᠭ᠎ᠠ ᠪᠠᠷ | ᠬᠤᠷᠠᠯᠳᠤᠭᠤᠯᠪᠠ ᠃ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ | 》 ᠠᠵᠢᠯᠯᠠᠭ᠎ᠠ ᠶᠢᠨ ᠬᠠᠮᠲᠤᠷᠠᠯᠴᠠᠭᠠᠨ ᠤ ᠲᠥᠷᠥᠯ ᠵᠦᠶᠯ ᠢ ᠠᠬᠢᠭᠤᠯᠬᠤ ᠠᠵᠢᠯ ᠤᠨ ᠳᠤᠭᠤᠶᠢᠯᠠᠩ ᠤᠨ ᠬᠠᠮᠢᠶ᠎ᠠ | ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠨᠥᠬᠦᠳ ᠲᠣᠰ ᠲᠣᠰ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠤᠨ ᠭᠤᠤᠯ ᠬᠤᠷᠠᠯ ᠤᠨ ᠲᠠᠯᠠᠪᠠᠶ ᠪᠣᠯᠤᠨ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ ᠃ | | | | | | | | | | | ᠁ |