| | ᠠᠯᠠᠰᠢᠨ ᠬᠤᠨᠢᠨ ᠤ ᠠᠵᠤ ᠦᠶᠯᠡᠰ ᠪᠣᠯ ᠪᠠᠶᠠᠨᠨᠠᠭᠤᠷ ᠤᠨ ᠲᠠᠷᠢᠶᠠᠯᠠᠩ ᠤᠨ ᠥᠨᠳᠥᠷ ᠲᠠᠰ ᠤᠨ ᠣᠷᠣᠨ ᠤ | ᠭᠤᠤᠯᠳᠠᠯᠭ᠎ᠠ ᠲᠠᠢ ᠡᠭᠦᠳᠦᠨ ᠪᠠᠶᠢᠭᠤᠯᠬᠤ ᠭᠤᠤᠯᠯᠠᠬᠤ ᠠᠵᠤ ᠦᠶᠯᠡᠰ ᠤᠨ ᠨᠢᠭᠡ ᠪᠣᠯᠤᠨ᠎ᠠ᠂ ᠬᠤᠨᠢᠨ ᠤ ᠮᠢᠬᠠᠨ ᠤ | ᠳᠡᠭᠡᠳᠦ ᠲᠠᠰ ᠤᠨ ᠪᠦᠲᠦᠭᠡᠭᠳᠡᠬᠦᠨ ᠢ ᠪᠣᠶ ᠪᠣᠯᠭᠠᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠶᠯᠡᠰ ᠤᠨ | ᠡᠷᠡᠭᠦᠯ ᠢᠶᠠᠷ ᠬᠥᠭᠵᠢᠬᠦ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ ᠲᠦᠷᠦᠭᠦᠬᠡᠨ᠂ ᠪᠠᠶᠠᠨᠨᠠᠭᠤᠷ ᠤᠨ | ᠲᠠᠷᠢᠶᠠᠯᠠᠩ ᠤᠨ ᠥᠨᠳᠥᠷ ᠲᠠᠰ ᠤᠨ ᠣᠷᠣᠨ ᠤ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠪᠣᠯᠬᠤ ᠥᠪᠥᠷ | ᠮᠣᠩᠭᠤᠯ ᠤᠨ ᠹᠦ᠋ ᠴᠤᠸᠠᠨ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠬᠢᠭᠡᠳ ᠵᠢᠶᠠᠩᠨᠠᠨ ᠶᠡᠭᠡ ᠰᠤᠷᠭᠠᠭᠤᠯᠢ ᠬᠤᠶᠠᠷ ᠵᠦᠶᠯ ᠤᠨ ᠣᠶᠤᠨᠴᠢ ᠲᠡᠵᠢᠭᠡᠨ ᠦᠷᠡᠵᠢᠭᠦᠯᠬᠦ | ᠬᠠᠮᠲᠤᠷᠠᠯᠴᠠᠭᠠᠨ ᠤ ᠲᠥᠷᠥᠯ ᠵᠦᠶᠯ ᠲᠣᠭᠲᠠᠵᠤ᠂ ᠪᠠᠶᠠᠨᠨᠠᠭᠤᠷ ᠤᠨ ᠲᠠᠷᠢᠶᠠᠯᠠᠩ ᠤᠨ ᠥᠨᠳᠥᠷ ᠲᠠᠰ ᠤᠨ ᠣᠷᠣᠨ ᠤ | ᠠᠯᠠᠰᠢᠨ ᠬᠤᠨᠢᠨ ᠤ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ ᠃ | 《 5 G + ᠲᠣᠤᠷ ᠰᠦᠯᠵᠢᠶ᠎ᠡ ᠳᠤ ᠰᠠᠭᠤᠷᠢᠯᠠᠭᠰᠠᠨ ᠨᠡᠶᠢᠳᠡᠮ ᠬᠡᠷᠡᠭᠯᠡᠬᠦ ᠬᠡᠯᠪᠡᠷᠢ ᠶᠢᠨ ᠪᠷᠦ᠋ᠼᠧᠯ | ᠪᠠᠺᠲ᠋ᠧᠷᠢ ᠶᠢᠨ ᠥᠳᠥᠭᠡᠭᠴᠢ ᠶᠢ ᠣᠨᠣᠰᠢᠯᠠᠬᠤ ᠲᠤᠷᠰᠢᠯᠲᠠ ᠶᠢᠨ ᠵᠤᠷᠪᠤᠰ ᠬᠢᠭᠡᠳ ᠡᠭᠦᠯᠡᠨ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ 》 ᠤᠨ ᠲᠥᠷᠥᠯ ᠵᠦᠶᠯ ᠨᠢ ᠡᠪᠡᠳᠴᠢᠨ ᠲᠠᠢ ᠮᠠᠯ ᠤᠨ ᠪᠡᠶ᠎ᠡ ᠳᠠᠬᠢ ᠣᠨᠴᠠᠭᠠᠶ | ᠴᠢᠨᠠᠷᠲᠠᠶ ᠥᠳᠥᠭᠡᠭᠴᠢ ᠳᠤ ᠴᠢᠭᠯᠡᠭᠦᠯᠦᠨ᠂ ᠨᠢᠭᠡ ᠵᠦᠶᠯ ᠤᠨ ᠣᠨᠣᠪᠴᠢ ᠶᠢᠨ ᠬᠡᠮᠵᠢᠶ᠎ᠡ ᠪᠠᠷ ᠥᠨᠳᠥᠷ᠂ | ᠡᠪᠡᠳᠴᠢᠯᠡᠭᠦᠯᠬᠦ ᠪᠷᠦ᠋ᠼᠧᠯ ᠪᠠᠺᠲ᠋ᠧᠷᠢ ᠳᠤ ᠬᠡᠷᠡᠭᠯᠡᠬᠦ ᠴᠣ ᠰᠢᠨ᠎ᠡ ᠪᠠᠶᠢᠴᠠᠭᠠᠨ ᠬᠡᠮᠵᠢᠬᠦ ᠮᠡᠷᠭᠡᠵᠢᠯ ᠢ ᠰᠤᠳᠤᠯᠤᠨ | ᠨᠡᠭᠡᠭᠡᠬᠦ ᠶᠢᠨ ᠬᠠᠮᠲᠤ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠲᠠᠢ ᠤᠶᠠᠯᠳᠤᠭᠤᠯᠤᠨ᠂ ᠪᠠᠶᠢᠴᠠᠭᠠᠨ | ᠬᠡᠮᠵᠢᠭᠰᠡᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ | ᠪᠡᠶᠡᠯᠡᠭᠦᠯᠵᠦ᠂ ᠪᠷᠦ᠋ᠼᠧᠯ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠦᠨ᠎ᠡ ᠃ ᠰᠤᠳᠤᠯᠤᠨ | ᠨᠡᠭᠡᠭᠡᠬᠦ ᠠᠭᠤᠯᠭ᠎ᠠ ᠳᠤ ᠭᠤᠤᠯᠳᠠᠭᠤ ᠴᠡᠭᠡᠨ ᠬᠡᠷᠡᠯ ᠤᠨ ᠪᠢᠴᠢᠯ ᠪᠥᠮᠪᠦᠭᠡ ᠶᠢᠨ ᠴᠠᠷᠤᠭᠴᠢ ᠳᠤ ᠰᠠᠭᠤᠷᠢᠯᠠᠭᠰᠠᠨ | ᠰᠢᠯᠭᠠᠨ ᠪᠠᠶᠢᠴᠠᠭᠠᠬᠤ ᠲᠤᠷᠰᠢᠯᠲᠠ ᠶᠢᠨ ᠴᠠᠭᠠᠰᠤᠨ ᠵᠤᠷᠪᠤᠰ᠂ ᠲᠤᠭ᠎ᠠ ᠪᠠᠷᠢᠮᠲᠠ ᠶᠢ ᠤᠩᠰᠢᠨ ᠭᠠᠷᠭᠠᠬᠤ ᠭᠠᠷ | ᠴᠠᠷᠤᠯᠲᠠ ᠶᠢᠨ ᠴᠡᠭᠡᠨ ᠬᠡᠷᠡᠯ ᠤᠨ ᠵᠠᠳᠠᠯᠤᠭᠤᠷ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠭᠥᠯᠢᠶᠡᠨ ᠠᠪᠬᠤ | ᠵᠢᠴᠢ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠭᠠᠷ ᠤᠲᠠᠰᠤᠨ ᠤ APP᠂ ᠣᠭ ᠦᠨᠳᠦᠰᠦ ᠶᠢ ᠨᠢ ᠡᠷᠢᠵᠦ | ᠰᠡᠷᠡᠮᠵᠢᠯᠡᠭᠦᠯᠬᠦ ᠡᠭᠦᠯᠡᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠵᠡᠷᠭᠡ ᠪᠠᠭᠲᠠᠨ᠎ᠠ ᠃ | 《 ᠮᠠᠰᠢᠨ ᠬᠥᠮᠦᠨ ᠬᠢᠭᠡᠳ ᠮᠠᠰᠢᠨ ᠤ ᠬᠠᠷᠠᠭᠠᠨ ᠰᠡᠷᠡᠯ ᠬᠠᠮᠵᠢᠯᠴᠠᠭᠰᠠᠨ ᠬᠤᠨᠢ᠂ ᠦᠬᠡᠷ ᠤᠨ ᠣᠶᠤᠨᠴᠢ | ᠪᠠᠷ ᠲᠣᠭᠠᠯᠠᠨ ᠪᠦᠷᠢᠳᠬᠡᠬᠦ ᠪᠠ ᠣᠨᠢᠨ ᠳᠡᠭᠡᠷ᠎ᠡ ᠨᠢ ᠲᠡᠵᠢᠭᠡᠨ ᠦᠷᠡᠵᠢᠭᠦᠯᠬᠦ ᠶᠢᠨ ᠤᠷᠢᠳᠴᠢᠯᠠᠨ ᠰᠡᠷᠡᠮᠵᠢᠯᠡᠭᠦᠯᠬᠦ | ᠲᠣᠨᠤᠭ ᠲᠥᠬᠦᠭᠡᠷᠦᠮᠵᠢ ᠶᠢᠨ ᠰᠢᠰᠲ᠋ᠧᠮ ᠢ ᠰᠤᠳᠤᠯᠤᠨ ᠨᠡᠭᠡᠭᠡᠬᠦ 》 ᠲᠥᠷᠥᠯ ᠵᠦᠶᠯ ᠨᠢ ᠣᠳᠣᠬᠠᠨ ᠤ ᠬᠤᠨᠢ ᠶᠢᠨ | ᠰᠦᠷᠦᠭ ᠤᠨ ᠡᠳᠦᠷ ᠲᠤᠲᠤᠮ ᠤᠨ ᠲᠣᠭᠠᠯᠠᠨ ᠪᠦᠷᠢᠳᠬᠡᠬᠦ᠂ ᠲᠡᠵᠢᠭᠡᠨ ᠠᠷᠠᠴᠢᠯᠠᠬᠤ ᠠᠵᠢᠯ ᠤᠨ ᠬᠡᠮᠵᠢᠶ᠎ᠡ ᠨᠢ | ᠯᠤᠲᠤ ᠶᠡᠭᠡ ᠠᠰᠠᠭᠤᠳᠠᠯ ᠳᠤ ᠴᠢᠭᠯᠡᠭᠦᠯᠦᠨ᠂ ᠬᠤᠨᠢ ᠶᠢᠨ ᠬᠠᠰᠢᠶ᠎ᠠ ᠰᠠᠷᠠᠪᠴᠢ᠂ ᠬᠤᠨᠢ ᠶᠢᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠲᠤᠭ᠎ᠠ ᠬᠡᠮᠵᠢᠶ᠎ᠡ ᠶᠢ ᠴᠠᠭ ᠲᠤᠬᠠᠶ ᠳᠤ ᠨᠢ ᠲᠣᠭᠠᠯᠠᠨ ᠪᠦᠷᠢᠳᠬᠡᠬᠦ ᠮᠠᠯᠵᠢᠯ ᠤᠨ ᠲᠠᠯᠠᠪᠠᠶ ᠶᠢᠨ | ᠣᠶᠤᠨᠴᠢ ᠲᠣᠭᠠᠯᠠᠨ ᠪᠦᠷᠢᠳᠬᠡᠬᠦ᠂ ᠲᠡᠵᠢᠭᠡᠨ ᠠᠷᠠᠴᠢᠯᠠᠬᠤ ᠰᠢᠰᠲ᠋ᠧᠮ ᠢ ᠰᠤᠳᠤᠯᠤᠨ ᠨᠡᠭᠡᠭᠡᠭᠰᠡᠨ ᠤ ᠬᠠᠮᠲᠤ᠂ | ᠪᠠᠷᠠᠭᠠᠨ ᠤ ᠰᠦᠯᠵᠢᠶ᠎ᠡ᠂ ᠮᠠᠰᠢᠨ ᠤ ᠬᠠᠷᠠᠭᠠᠨ ᠰᠡᠷᠡᠯ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠬᠤᠨᠢ ᠶᠢᠨ | ᠬᠠᠰᠢᠶ᠎ᠠ ᠶᠢᠨ ᠣᠶᠤᠨᠴᠢ ᠲᠣᠭᠠᠯᠠᠨ ᠪᠦᠷᠢᠳᠬᠡᠬᠦ᠂ ᠣᠨᠢᠨ ᠳᠡᠭᠡᠷ᠎ᠡ ᠨᠢ ᠲᠡᠵᠢᠭᠡᠨ ᠠᠷᠠᠴᠢᠯᠠᠬᠤ ᠵᠢᠴᠢ ᠡᠮ᠎ᠡ ᠬᠤᠨᠢ | ᠶᠢᠨ ᠲᠥᠯᠯᠡᠬᠦ ᠶᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠪᠡ ᠃ ᠰᠤᠳᠤᠯᠤᠨ ᠨᠡᠭᠡᠭᠡᠬᠦ ᠠᠭᠤᠯᠭ᠎ᠠ ᠳᠤ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠠᠰᠢᠨ ᠤ ᠬᠠᠷᠠᠭᠠᠨ ᠰᠡᠷᠡᠯ ᠤᠨ ᠮᠡᠷᠭᠡᠵᠢᠯ ᠳᠤ ᠰᠠᠭᠤᠷᠢᠯᠠᠨ | ᠬᠤᠨᠢᠨ ᠰᠦᠷᠦᠭ ᠤᠨ ᠣᠶᠤᠨᠴᠢ ᠪᠠᠷ ᠲᠣᠭᠠᠯᠠᠨ ᠪᠦᠷᠢᠳᠬᠡᠬᠦ ᠰᠢᠰᠲ᠋ᠧᠮ ᠢ ᠪᠡᠶᠡᠯᠡᠭᠦᠯᠵᠦ᠂ ᠮᠠᠰᠢᠨ ᠬᠠᠷᠠᠭᠠᠨ ᠰᠡᠷᠡᠯ | ᠳᠤ ᠰᠠᠭᠤᠷᠢᠯᠠᠨ᠂ ᠸᠢᠳᠢᠣ᠋ ᠳᠤ ᠴᠠᠭ ᠲᠤᠬᠠᠶ ᠳᠤᠨᠢ ᠵᠠᠳᠠᠯᠤᠨ ᠡᠮ᠎ᠡ ᠬᠤᠨᠢᠨ ᠤ ᠲᠥᠯᠯᠡᠬᠦ ᠶᠢ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠡᠶᠡᠯᠡᠭᠦᠯᠵᠦ᠂ ᠵᠣᠬᠢᠶᠠᠮᠠᠯ ᠣᠶᠤᠨ ᠴᠢᠳᠠᠪᠤᠷᠢ ᠳᠤ ᠰᠠᠭᠤᠷᠢᠯᠠᠨ ᠮᠠᠯᠵᠢᠯ ᠤᠨ ᠲᠠᠯᠠᠪᠠᠶ | ᠶᠢᠨ ᠬᠤᠨᠢᠨ ᠰᠦᠷᠦᠭ ᠤᠨ ᠨᠠᠷᠢᠯᠢᠭ ᠣᠨᠣᠴᠠᠲᠠᠶ ᠲᠡᠵᠢᠭᠡᠨ ᠠᠷᠠᠴᠢᠯᠠᠬᠤ ᠰᠢᠰᠲ᠋ᠧᠮ ᠵᠢᠴᠢ ᠬᠤᠨᠢᠨ ᠰᠠᠷᠠᠪᠴᠢ ᠶᠢᠨ | ᠳᠤᠯᠠᠭᠠᠨ ᠴᠢᠭᠢᠭ ᠤᠨ ᠬᠡᠮᠵᠢᠶ᠎ᠡ ᠶᠢᠨ ᠣᠶᠤᠨᠴᠢ ᠪᠠᠷ ᠪᠠᠶᠢᠴᠠᠭᠠᠨ ᠰᠢᠯᠭᠠᠵᠤ ᠲᠣᠬᠢᠷᠠᠭᠤᠯᠤᠨ ᠡᠵᠡᠮᠳᠡᠬᠦ ᠮᠡᠷᠭᠡᠵᠢᠯ ᠢ | ᠪᠡᠶᠡᠯᠡᠭᠦᠯᠦᠨ᠎ᠡ ᠃ | | | | | | | | | | | ᠁ |