ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/7/22
     7 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠬᠥᠬᠡᠬᠤᠲᠠ ᠳᠤ ᠵᠢᠩᠬᠢᠨᠢ ᠪᠠᠷ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠯᠪᠣᠭᠳᠠᠯ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠨᠥᠬᠦᠳ᠂ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠨᠢᠭᠡᠴᠢ ᠬᠢᠭᠡᠳ ᠬᠠᠮᠲᠤᠷᠠᠯᠴᠠᠬᠤ ᠨᠢᠭᠡᠴᠢ ᠶᠢᠨ ᠲᠥᠯᠥᠭᠡᠯᠡᠭᠴᠢ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠮᠠᠭᠠᠳᠯᠠᠨ ᠲᠣᠭᠲᠠᠭᠠᠭᠰᠠᠨ 13 ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠨᠢᠭᠡ ᠪᠣᠯᠤᠨ᠎ᠠ᠂ ᠰᠠᠭᠤᠷᠢᠨ ᠭᠠᠵᠠᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠢᠶᠠᠷ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠭᠠᠨ᠎ᠠ᠂ ᠲᠥᠮᠥᠰᠥ ᠶᠢᠨ ᠦᠷ᠎ᠡ ᠪᠣᠶᠢᠵᠢᠭᠤᠯᠬᠤ ᠪᠠ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢᠶᠠᠷ ᠭᠤᠤᠯᠳᠠᠯᠭ᠎ᠠ ᠲᠠᠢ ᠬᠠᠮᠲᠤᠷᠠᠯᠴᠠᠬᠤ ᠬᠦᠷᠢᠶ᠎ᠡ ᠴᠠᠷᠠᠭ᠎ᠠ ᠪᠣᠯᠭᠠᠨ᠎ᠠ᠂ ᠣᠳᠣᠬᠠᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠲᠠᠢ ᠲᠣᠰ ᠲᠣᠰ ᠲᠠᠨᠢᠯᠴᠠᠪᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠴᠡᠴᠡᠷᠯᠢᠭ ᠤᠨ ᠮᠡᠷᠭᠡᠵᠢᠯ ᠬᠢᠭᠡᠳ ᠤᠷᠭᠤᠮᠠᠯ ᠢ ᠬᠠᠮᠠᠭᠠᠯᠠᠬᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠨᠴᠠᠯᠢᠭᠳᠤ ᠲᠠᠷᠢᠮᠠᠯ ᠰᠤᠳᠤᠯᠬᠤ ᠭᠠᠵᠠᠷ 3 ᠡᠷᠳᠡᠮ ᠰᠢᠨᠵᠢᠯᠡᠭᠡᠨ ᠤ ᠪᠠᠶᠢᠭᠤᠯᠤᠮᠵᠢ᠂ ᠣᠯᠠᠨ ᠤᠯᠤᠰ ᠤᠨ ᠲᠥᠮᠥᠰᠥᠨ ᠲᠥᠪ ᠲᠠᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠲᠥᠪ᠂ ᠥᠪᠥᠷ ᠮᠣᠩᠭᠤᠯ ᠤᠨ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠶᠠᠭᠰᠢ ᠬᠤᠲᠠ ᠶᠢᠨ ᠰᠧᠨ ᠹᠧᠩ ᠲᠥᠮᠥᠰᠥ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 3 ᠲᠥᠮᠥᠰᠥ ᠶᠢᠨ ᠲᠠᠭᠠᠭᠤᠯᠤᠬᠴᠢ ᠠᠵᠤ ᠠᠬᠤᠶᠢᠯᠠᠯ ᠲᠥᠮᠥᠰᠥ ᠶᠢᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠰᠠᠭᠤᠷᠢᠨ ᠢ ᠪᠦᠳᠦᠭᠡᠨ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠂ ᠡᠯ᠎ᠡ ᠲᠠᠯ᠎ᠠ ᠶᠢᠨ ᠰᠢᠯᠢᠳᠡᠭ ᠣᠯᠠᠨ ᠤᠯᠤᠰ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠡᠬᠢ ᠪᠠᠶᠠᠯᠢᠭ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠦᠯᠲᠡ ᠶᠢᠨ ᠳᠠᠪᠠᠭᠤᠯᠢᠭ ᠢ ᠭᠦᠶᠴᠡᠳ ᠠᠰᠢᠭᠯᠠᠨ᠎ᠠ᠂ ᠲᠥᠮᠥᠰᠥᠨ ᠤ ᠡᠭᠦᠯᠳᠡᠷ ᠢ ᠰᠣᠩᠭᠤᠨ ᠪᠣᠶᠢᠵᠢᠭᠤᠯᠬᠤ ᠠᠵᠢᠯ ᠢ ᠥᠷᠨᠢᠭᠦᠯᠦᠨ᠎ᠡ᠂ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠪᠠ ᠢᠵᠢ ᠪᠦᠷᠢᠳᠦᠭᠦᠯᠦᠨ ᠲᠠᠷᠢᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠡᠮᠬᠢᠳᠬᠡᠨ ᠵᠢᠱᠢᠶ᠎ᠡ ᠦᠵᠡᠭᠦᠯᠬᠦ᠂ ᠡᠯ᠎ᠡ ᠣᠷᠣᠨ ᠪᠦᠰᠡ ᠳᠤ ᠲᠣᠬᠢᠷᠠᠬᠤ ᠲᠥᠮᠥᠰᠥ ᠶᠢᠨ ᠲᠥᠷᠥᠯ ᠵᠦᠶᠯ ᠢ ᠰᠣᠩᠭᠤᠨ ᠪᠣᠶᠢᠵᠢᠭᠤᠯᠬᠤ ᠪᠠ ᠦᠷ᠎ᠡ ᠶᠢᠨ ᠲᠥᠮᠥᠰᠥ ᠶᠢᠨ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠦᠶᠯᠡᠳᠪᠦᠷᠢᠯᠡᠯ ᠤᠨ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠂ ᠣᠯᠠᠨ ᠤᠯᠤᠰ ᠤᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠦᠨ᠎ᠡ᠂ ᠴᠢᠳᠠᠪᠤᠷᠢᠲᠠᠨ ᠬᠥᠮᠦᠵᠢᠭᠦᠯᠬᠦ ᠪᠠ ᠮᠡᠳᠡᠭᠡ ᠵᠠᠩᠭᠢ ᠶᠢᠨ ᠦᠶᠯᠡᠴᠢᠯᠡᠭᠡ᠂ ᠣᠷᠣᠨ ᠪᠦᠰᠡ ᠵᠢᠴᠢ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠳᠡᠰ ᠳᠡᠪᠰᠢᠬᠦ ᠶᠢ ᠲᠠᠰᠤᠷᠠᠯᠲᠠ ᠤᠢᠭᠡᠢ ᠠᠬᠢᠭᠤᠯᠤᠨ᠎ᠠ  ᠃        ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠢ ᠪᠥᠲᠥᠭᠡᠨ ᠪᠠᠶᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ  ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠭᠦᠨ  ᠠᠴᠠ ᠡᠮᠦᠨ᠎ᠡ ᠨᠢᠭᠡᠨᠲᠡ ᠤᠯᠤᠰ ᠤᠨ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 8 ᠰᠠᠭᠤᠷᠢᠨ ᠭᠠᠵᠠᠷ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ  ᠤ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 13 ᠰᠠᠭᠤᠷᠢᠨ ᠭᠠᠵᠠᠷ  ᠢ ᠠᠩᠬ᠎ᠠ ᠤᠳᠠᠭ᠎ᠠ ᠮᠠᠭᠠᠳᠯᠠᠨ ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ᠂ ᠡᠨᠧᠷᠭᠢ᠂ ᠬᠢᠮᠢ ᠶᠢᠨ ᠠᠵᠤ ᠦᠶᠯᠡᠳᠪᠦᠷᠢ᠂ ᠬᠢᠲᠠᠳ ᠡᠮ ᠡᠮᠨᠡᠯᠭᠡ ( ᠮᠣᠩᠭᠤᠯ ᠡᠮ ᠡᠮᠨᠡᠯᠭᠡ )᠂ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠵᠡᠷᠭᠡ ᠭᠤᠤᠯᠳᠠᠯᠭ᠎ᠠ ᠲᠠᠢ ᠬᠠᠮᠲᠤᠷᠠᠯᠴᠠᠭᠠᠨ ᠤ ᠬᠦᠷᠢᠶ᠎ᠡ ᠶᠢ ᠬᠠᠮᠤᠷᠤᠭᠰᠠᠨ ᠪᠠᠶᠢᠨ᠎ᠠ᠂ ᠢᠩᠭᠢᠭᠡᠳ ᠮᠠᠨ ᠤ ᠣᠷᠣᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠶᠡᠷᠦᠩᠬᠡᠶ ᠲᠤᠭ᠎ᠠ ᠨᠢᠭᠡᠨᠲᠡ 21 ᠪᠣᠯᠪᠠ  ᠃ ᠲᠠᠷᠠᠭᠠᠴᠢ ᠶᠢᠨ ᠠᠯᠬᠤᠮ  ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠶᠯ ᠢ ᠪᠠᠶᠢᠷᠢᠰᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ 《 ᠲᠥᠷᠥᠯ ᠵᠦᠶᠯ ᠴᠢᠳᠠᠪᠤᠷᠢᠲᠠᠨ ᠰᠠᠭᠤᠷᠢᠨ ᠭᠠᠵᠠᠷ 》 ᠭᠤᠷᠮᠤᠰᠤᠨ ᠴᠣᠭᠴᠠ ᠶᠢᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠠᠭᠪᠤᠷ ᠢᠶᠠᠷ ᠡᠯ᠎ᠡ ᠰᠠᠭᠤᠷᠢᠨ ᠢ ᠬᠥᠲᠥᠯᠥᠨ ᠵᠢᠯᠣᠭᠤᠳᠴᠤ ᠪᠠᠶᠢᠭᠠᠳ ᠮᠡᠷᠭᠡᠵᠢᠯ ᠢᠶᠠᠷ ᠲᠦᠷᠦᠭᠦᠯᠡᠭᠰᠡᠨ᠂ ᠴᠢᠳᠠᠪᠤᠷᠢᠲᠠᠨ ᠴᠤᠭᠯᠠᠷᠠᠭᠰᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠳᠡᠯᠡᠬᠡᠶᠢᠵᠢᠭᠰᠡᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号