ᠬᠥᠬᠡᠬᠤᠲᠠ᠄ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠵᠢᠭᠦᠷ ᠤᠷᠭᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/8/18
    ᠣᠷᠴᠢᠮ ᠤᠨ ᠵᠢᠯ᠂ ᠬᠥᠬᠡᠬᠤᠲᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠪᠣᠶ᠂ 《 ᠳᠤᠮᠳᠠᠳᠤ ᠤᠯᠤᠰ ᠤᠨ ᠰᠦ ᠶᠢᠨ ᠬᠤᠲᠠ 》  ᠶᠢᠨ ᠲᠠᠰ ᠳᠡᠪᠰᠢᠭᠰᠡᠨ ᠬᠡᠪ ᠢ ᠲᠦᠷᠭᠡᠳᠬᠡᠨ ᠪᠠᠶᠢᠭᠤᠯᠤᠨ᠎ᠠ᠂ ᠰᠦ᠋ ᠶᠢᠨ ᠦᠢᠯᠡᠰ ᠢᠶᠠᠷ ᠲᠦᠷᠦᠭᠦᠯᠡᠭᠦᠯᠦᠭᠰᠡᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳᠰᠢᠭᠦᠯᠬᠦ ᠠᠵᠤ ᠦᠢᠯᠡᠰ ᠤᠨ ᠪᠦᠯᠦᠭᠯᠡᠯ ᠢ ᠪᠣᠶᠢᠵᠢᠭᠤᠯᠤᠨ᠎ᠠ᠂ ᠳᠡᠯᠡᠬᠡᠶ ᠶᠢᠨ ᠲᠦᠷᠦᠭᠦᠦ ᠠᠷᠪᠠᠨ ᠬᠦᠴᠦᠷᠬᠡᠭ ᠰᠦᠨ ᠠᠵᠤ ᠠᠬᠤᠶᠢᠯᠠᠯ ᠲᠠᠢ᠂ ᠦᠶᠯᠡᠳᠬᠦᠨ ᠤ ᠥᠷᠲᠡᠭ 2000 ᠳ᠋ᠦᠩᠰᠢᠭᠤᠷ ᠲᠥᠭᠦᠷᠢᠭ ᠢ ᠳᠠᠪᠠᠪᠠ᠂ ᠱᠧᠩ ᠵᠢᠶᠠᠨ᠂ ᠬᠤᠸᠠ ᠢ ᠯᠧ᠂ ᠮᠧᠩ ᠶᠠᠩ ᠶᠠᠩ 《 ᠭᠤᠷᠪᠠᠨ ᠬᠤᠨᠢ 》᠂ ᠡᠳᠦᠷ ᠲᠤ 7 ᠤᠣ ᠲᠣᠨ ᠰᠦ᠋ ᠬᠡᠷᠡᠭᠯᠡᠨ᠎ᠡ᠂ ᠬᠡᠪᠴᠢᠶᠡᠵᠢᠯ ᠠᠴᠠ ᠳᠡᠭᠡᠭᠰᠢᠬᠢ ᠰᠦᠨ ᠤ ᠦᠢᠯᠡᠰ ᠤᠨ ᠠᠵᠤ ᠠᠬᠤᠶᠢᠯᠠᠯ 140 ᠭᠠᠷᠤᠢ ᠪᠣᠯᠪᠠ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 30 ᠭᠠᠷᠤᠶ ᠪᠠᠶᠢᠨ᠎ᠠ᠂ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ᠂ ᠮᠧᠩ ᠨᠢᠦ ᠳᠤᠮᠳᠠᠳᠤ ᠤᠯᠤᠰ ᠤᠨ ᠰᠦᠨ ᠤ ᠦᠶᠯᠡᠰ ᠤᠨ ᠠᠵᠤ ᠦᠶᠯᠡᠰ ᠤᠨ ᠬᠦᠷᠢᠶᠡᠯᠡᠩ ᠤᠨ ᠬᠤᠶᠠᠷ 《 ᠮᠢᠩᠭᠠᠨ ᠳ᠋ᠦᠩᠰᠢᠭᠤᠷ ᠤᠨ ᠲᠠᠰ 》 ᠤᠨ ᠲᠥᠷᠥᠯ ᠵᠦᠶᠯ᠂ 《 ᠳᠤᠮᠳᠠᠳᠤ ᠤᠯᠤᠰ ᠤᠨ ᠰᠦ᠋ ᠶᠢᠨ ᠬᠤᠲᠠ 》 ᠬᠥᠬᠡᠬᠤᠲᠠ ᠶᠠᠭ 《 ᠳᠡᠯᠡᠬᠡᠶ  ᠶᠢᠨ ᠰᠦ᠋ ᠶᠢᠨ ᠬᠤᠲᠠ 》 ᠵᠦᠭ ᠠᠯᠬᠤᠵᠤ ᠪᠠᠶᠢᠨ᠎ᠠ  ᠃ᠥᠨᠳᠥᠷ ᠪᠠᠶᠢᠷᠢ ᠶᠢᠨ ᠲᠦᠯᠬᠢᠯᠲᠡ ᠲᠤᠯᠭᠠᠭᠤᠷᠢ ᠲᠠᠢ  ᠃ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠬᠥᠬᠡᠬᠤᠲᠠ ᠰᠠᠨᠠᠭᠠᠴᠢᠯᠠᠭ᠎ᠠ ᠠᠴᠠ ᠪᠠᠨ ᠲᠠᠪᠴᠠᠩ ᠪᠠᠶᠢᠭᠤᠯᠵᠤ᠂ ᠨᠡᠪᠴᠢᠭᠦᠯᠬᠦ ᠲᠥᠷᠥᠯ ᠵᠦᠶᠯ ᠭᠠᠷᠭᠠᠵᠤ ᠂ ᠤᠯᠤᠰ ᠤᠨ ᠰᠦᠨ ᠤ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠰᠦᠨ ᠤ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢ ᠬᠠᠮᠤᠷᠤᠭᠰᠠᠨ ᠰᠤᠳᠤᠯᠤᠨ ᠨᠡᠭᠡᠭᠡᠬᠦ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠪᠥᠬᠦ ᠤᠯᠤᠰ ᠲᠤ ᠬᠠᠨᠳᠤᠭᠤᠯᠤᠭᠰᠠᠨ᠂ ᠪᠥᠬᠦ ᠪᠥᠮᠪᠥᠷᠴᠡᠭ ᠢ ᠨᠥᠯᠥᠭᠡᠯᠡᠭᠰᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠣᠨ ᠵᠠᠶ ᠶᠢᠨ ᠪᠠᠶᠢᠷᠢᠰᠢᠯ ᠨᠢ ᠵᠦᠶ ᠵᠣᠬᠢᠰᠲᠠᠶ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠪᠥᠬᠦ ᠥᠪᠡᠷᠲᠡᠭᠡᠨ ᠵᠠᠰᠠᠬᠤ ᠣᠷᠣᠨ ᠤ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠡᠭ ᠤᠨ ᠰᠢᠪᠲᠤᠯᠤᠯᠲᠠ ᠶᠢ ᠪᠡᠶᠡᠯᠡᠭᠦᠯᠪᠡ  ᠃ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠭᠤᠤᠯᠳᠠᠯᠭ᠎ᠠ ᠲᠠᠢ ᠲᠤᠰᠬᠠᠶ ᠵᠠᠷᠤᠳᠠᠯ ᠤᠨ ᠳᠡᠮᠵᠢᠯᠭᠡ ᠳᠣᠤᠷ᠎ᠠ᠂ 2020᠂ 2021 ᠬᠤᠶᠠᠷ ᠵᠢᠯ ᠳᠤ᠂ ᠬᠥᠬᠡᠬᠤᠲᠠ ᠲᠤᠰᠬᠠᠶᠢᠯᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 26 ᠵᠦᠶᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠬᠡᠰᠡᠭ ᠠᠵᠤ ᠦᠶᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠵᠦ᠂ ᠰᠠᠶᠢᠨ ᠦᠷ᠎ᠡ ᠪᠦᠲᠦᠮᠵᠢ ᠣᠯᠵᠠᠶ  ᠃ ᠣᠳᠣᠬᠠᠨ ᠳᠤ᠂ ᠤᠯᠤᠰ ᠤᠨ ᠰᠦᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢᠭᠡᠨᠲᠡ 45 ᠨᠢᠭᠡᠴᠡ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠪᠠ᠂ ᠡᠭᠦᠨ ᠳᠤ 21 ᠠᠵᠤ ᠠᠬᠤᠶᠢᠯᠠᠯ ᠪᠠ 24 ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ  ᠤ ᠰᠤᠳᠤᠯᠭᠠᠨ ᠤ ᠬᠦᠷᠢᠶᠡᠯᠡᠩ ᠭᠠᠵᠠᠷ ᠪᠠᠭᠲᠠᠨ᠎ᠠ︔ 9 ᠠᠺᠠᠳᠧᠮᠢᠴᠢ ᠪᠠ 90 ᠭᠠᠷᠤᠶ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠵᠡᠷᠭᠡ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠪᠠ ᠴᠢᠳᠠᠪᠤᠷᠢᠲᠠᠨ ᠤ ᠪᠦᠯᠬᠦᠮ ᠨᠡᠶᠢᠲᠡ ᠶᠢ ᠴᠤᠭᠯᠠᠷᠠᠭᠤᠯᠵᠤ᠂ ᠥᠨᠳᠥᠷ ᠬᠢᠷᠢ ᠲᠦᠪᠰᠢᠨ ᠪᠥᠬᠦᠶ ᠬᠠᠮᠵᠢᠯᠴᠠᠨ ᠰᠢᠨ᠎ᠡ ᠶᠢ ᠡᠭᠦᠳᠬᠦ ᠶᠢ ᠥᠷᠨᠢᠭᠦᠯᠦᠨ᠂ ᠰᠦ ᠰᠠᠭᠠᠯᠢ ᠶᠢᠨ ᠦᠶᠯᠡᠰ  ᠤᠨ ᠦᠶᠯᠡᠰ ᠤᠨ 《 ᠪᠣᠭᠤᠮᠢ 》 ᠶᠢᠨ ᠮᠡᠷᠭᠡᠵᠢᠯ ᠢ ᠰᠢᠪᠲᠤᠯᠵᠤ᠂ ᠡᠮᠦᠨᠡᠬᠢ ᠬᠤᠭᠤᠴᠠᠭᠠᠨ ᠳᠤ ᠳᠡᠮᠵᠢᠵᠦ ᠪᠠᠶᠢᠭᠰᠠᠨ 《 ᠰᠠᠭᠠᠯᠢ ᠶᠢᠨ ᠦᠨᠢᠶᠡᠨ ᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠠ ᠦᠷᠡᠵᠢᠭᠦᠯᠬᠦ ᠵᠠᠩᠭᠢᠯᠠᠭ᠎ᠠ ᠶᠢᠨ ᠮᠡᠷᠭᠡᠵᠢᠯ 》᠂ 《 ᠨᠢᠯᠬ᠎ᠠ ᠬᠡᠦᠬᠡᠳ ᠬᠢᠭᠡᠳ ᠬᠡᠦᠬᠡᠳ ᠤᠨ ᠰᠢᠮ᠎ᠡ ᠲᠡᠵᠢᠭᠡᠯᠲᠦ ᠪᠣᠶᠢᠵᠢᠯᠲᠠ  ᠶᠢᠨ ᠰᠦᠨ ᠪᠦᠲᠦᠭᠡᠭᠳᠡᠬᠦᠨ ᠢ ᠦᠨᠡᠯᠡᠨ ᠰᠤᠳᠤᠯᠬᠤ 》 ᠵᠢᠴᠢ 《 ᠰᠦᠨ ᠬᠦᠴᠢᠯ ᠤᠨ ᠪᠠᠺᠲ᠋ᠧᠷᠢ ᠶᠢ ᠢᠰᠬᠡᠬᠦ ᠮᠡᠷᠭᠡᠵᠢᠯ ᠤᠨ ᠰᠤᠳᠤᠯᠭᠠᠨ 》 ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠨᠢᠭᠡᠨᠲᠡ ᠨᠢᠭᠡ ᠪᠦᠯᠦᠭ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠵᠤ᠂ ᠰᠦ ᠰᠠᠭᠠᠯᠢ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ  ᠃      ᠰᠦᠨ ᠤ ᠦᠶᠯᠡᠰ ᠤᠨ ᠬᠥᠭᠵᠢᠯᠲᠡ ᠶᠢᠨ ᠰᠢᠨ᠎ᠡ ᠬᠡᠪ ᠳᠠᠭᠤᠷᠢᠶᠠᠯ  ᠃ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠳᠠᠪᠬᠤᠷᠭ᠎ᠠ ᠳᠤ᠂ ᠬᠥᠬᠡᠬᠤᠲᠠ ᠠᠵᠤ ᠦᠶᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠪᠣᠭᠤᠮᠢ ᠶᠢᠨ ᠠᠰᠠᠭᠤᠳᠠᠯ ᠤᠨ ᠲᠣᠭᠤᠷᠢᠨ ᠳᠤ 《 143 》 ᠶᠢᠨ ᠵᠠᠭᠪᠤᠷ ᠶᠣᠰᠣᠭᠠᠷ ᠪᠠᠶᠢᠷᠢᠯᠠᠭᠤᠯᠤᠨ ᠲᠥᠯᠥᠪᠯᠡᠵᠦ᠂ ᠬᠠᠮᠵᠢᠯᠴᠠᠨ ᠰᠢᠨ᠎ᠡ ᠶᠢ ᠡᠭᠦᠳᠬᠦ ᠰᠦᠯᠵᠢᠶ᠎ᠡ᠂ ᠳᠥᠷᠪᠡᠨ ᠰᠤᠳᠤᠯᠭᠠᠨ ᠤ ᠲᠥᠪ᠂ ᠭᠤᠷᠪᠠᠨ ᠲᠤᠯᠭᠠᠭᠤᠷᠢᠯᠠᠯ ᠤᠨ ᠦᠶᠯᠡᠴᠢᠯᠡᠭᠡᠨ ᠤ ᠲᠠᠪᠴᠠᠩ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠳᠡᠯᠡᠬᠡᠶ ᠶᠢᠨ ᠰᠦ ᠶᠢᠨ ᠦᠶᠯᠡᠰ ᠤᠨ ᠴᠠᠬᠢᠭᠤᠷ ᠤᠨ ᠬᠥᠨᠳᠡᠶ ᠶᠢ ᠪᠠᠶᠢᠭᠤᠯᠵᠤ᠂ ᠪᠥᠬᠦ ᠪᠥᠮᠪᠥᠷᠴᠡᠭ ᠤᠨ ᠬᠠᠮᠤᠭ ᠤᠨ ᠲᠣᠮᠣ ᠰᠦ ᠶᠢᠨ ᠦᠶᠯᠡᠰ ᠤᠨ ᠲᠤᠷᠰᠢᠯᠲᠠ ᠬᠢᠬᠦ᠂ ᠲᠤᠷᠰᠢᠬᠤ᠂ ᠤᠯᠠᠷᠢᠭᠤᠯᠬᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠶᠡᠷᠦᠩᠬᠡᠶᠢᠯᠡᠭᠰᠡᠨ ᠲᠤᠷᠰᠢᠯᠲᠠ ᠶᠢᠨ ᠲᠠᠯᠠᠪᠤᠷ ᠢ ᠵᠠᠯᠭᠠᠯᠳᠤᠭᠤᠯᠤᠨ ᠠᠰᠢᠭᠯᠠᠬᠤ ᠲᠠᠯᠠᠪᠠᠶ ᠨᠢ 10 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠭ᠋ᠤ ᠪᠣᠯᠤᠨ᠎ᠠ︔ ᠪᠦᠬᠦ ᠪᠥᠮᠪᠥᠷᠴᠡᠭ ᠤᠨ ᠬᠠᠮᠤᠭ ᠤᠨ ᠶᠡᠭᠡ ᠰᠦᠨ ᠤ ᠦᠢᠯᠡᠰ ᠤᠨ ᠲᠤᠷᠰᠢᠯᠲᠠ ᠶᠢᠨ ᠰᠠᠭᠤᠷᠢᠨ ᠢ ᠪᠠᠶᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠴᠢᠩᠭ᠎ᠠ ᠰᠦᠨ ᠤ ᠦᠢᠯᠡᠰ ᠤᠨ ᠪᠠᠷᠢᠮᠵᠢᠶᠠᠲᠤ ᠬᠠᠤᠯᠢ ᠲᠦᠷᠢᠮ  ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠪᠦᠬᠦ ᠪᠥᠮᠪᠥᠷᠴᠡᠭ ᠤᠨ 220 ᠭᠠᠷᠤᠢ ᠤᠯᠤᠰ ᠣᠷᠣᠨ ᠢ ᠪᠦᠷᠬᠦᠭᠰᠡᠨ ᠢᠳᠡᠭᠡᠨ ᠤ ᠠᠵᠢᠯ ᠲᠦᠷᠦᠯ ᠤᠨ ᠪᠠᠷᠢᠮᠵᠢᠶᠠᠲᠤ ᠬᠠᠤᠯᠢ ᠲᠦᠷᠢᠮ᠂ ᠪᠦᠬᠦ ᠪᠥᠮᠪᠥᠷᠴᠡᠭ ᠤᠨ 173 ᠤᠯᠤᠰ ᠤᠨ ᠮᠡᠷᠭᠡᠵᠢᠯ ᠤᠨ ᠬᠠᠤᠯᠢ ᠲᠦᠷᠢᠮ ᠤᠨ ᠬᠦᠷᠢᠶᠡᠨ ᠤ ᠳᠡᠮᠵᠢᠬᠦ ᠴᠢᠳᠠᠪᠤᠷᠢ ᠶᠢ ᠪᠡᠶᠡᠯᠡᠭᠦᠯᠦᠨ᠎ᠡ︔ ᠳᠤᠮᠳᠠᠳᠤ ᠤᠯᠤᠰ ᠤᠨ ᠴᠠᠭᠠᠨ ᠢᠳᠡᠭᠡᠨ ᠤ ᠠᠵᠢᠯ ᠲᠥᠷᠥᠯ ᠤᠨ ᠬᠠᠮᠤᠭ ᠤᠨ ᠶᠡᠭᠡ ᠡᠬᠡ ᠶᠢᠨ ᠰᠦ ᠶᠢᠨ ᠰᠤᠳᠤᠯᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠤᠨ ᠬᠠᠮᠤᠭ ᠤᠨ ᠴᠢᠬᠤᠯᠠ ᠠᠵᠤ ᠠᠬᠤᠶᠢᠯᠠᠯ ᠤᠨ ᠡᠬᠡ ᠶᠢᠨ ᠰᠦ  ᠶᠢᠨ ᠰᠤᠳᠤᠯᠭᠠᠨ ᠤ ᠲᠤᠭ᠎ᠠ ᠪᠠᠷᠢᠮᠲᠠ ᠶᠢ ᠴᠤᠭᠯᠠᠷᠠᠭᠤᠯᠪᠠ︔ ᠳᠤᠮᠳᠠᠳᠤ ᠤᠯᠤᠰ ᠤᠨ ᠬᠠᠮᠤᠭ ᠤᠨ ᠶᠡᠭᠡ ᠢᠳᠡᠭᠡᠨ  ᠤ ᠠᠮᠤᠷ ᠲᠦᠪᠰᠢᠨ ᠤ ᠮᠡᠳᠡᠭᠡ ᠵᠠᠩᠭᠢ ᠶᠢ ᠬᠢᠨᠠᠨ ᠡᠵᠡᠮᠳᠡᠬᠦ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠪᠥᠬᠦ ᠳᠡᠯᠡᠬᠡᠶ  ᠶᠢᠨ 17 ᠤᠯᠤᠰ ᠤᠨ ᠬᠠᠤᠯᠢ ᠲᠣᠭᠲᠠᠭᠠᠯ ᠤᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ 34 ᠲᠦᠮᠡᠨ ᠢᠳᠡᠭᠡᠨ ᠤ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠲᠠᠢ ᠪᠣᠯᠪᠠ  ᠃       ᠰᠦᠨ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠡᠯᠪᠡᠭ ᠳᠡᠯᠪᠡᠭ  ᠃ᠣᠷᠣᠨ ᠤ ᠲᠥᠪ ᠤᠨ ᠬᠤᠶᠠᠷ ᠶᠡᠭᠡ ᠴᠠᠭᠠᠨ ᠢᠳᠡᠭᠡᠨ ᠤ ᠠᠵᠤ ᠠᠬᠤᠶᠢᠯᠠᠯ ᠤᠨ ᠥᠪᠥᠷ ᠮᠣᠩᠭᠤᠯ ᠤᠨ ᠢᠯᠢ ᠠᠵᠤ ᠦᠶᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠤ ᠰᠦ ᠶᠢᠨ ᠦᠶᠯᠡᠰ ( ᠪᠦᠯᠦᠭᠯᠡᠯ ) ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠣᠯᠴᠠᠨ ᠪᠡᠶᠡᠯᠡᠭᠦᠯᠦᠭᠰᠡᠨ 《 ᠰᠦ ᠵᠢᠴᠢ ᠴᠠᠭᠠᠨ ᠢᠳᠡᠭᠡᠨ ᠤ ᠠᠮᠤᠷ ᠲᠦᠪᠰᠢᠨ ᠢ ᠡᠵᠡᠮᠳᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ 》 ᠤᠨ ᠲᠥᠷᠥᠯ ᠵᠦᠶᠯ ᠨᠢ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ  ᠃      ᠰᠢᠨ᠎ᠡ ᠬᠡᠯᠪᠡᠷᠢ ᠶᠢᠨ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠨᠡᠭᠡᠭᠡᠨ ᠬᠥᠭᠵᠢᠭᠦᠯᠵᠦ᠂ ᠲᠦᠮᠡᠨ ᠲᠣᠯᠣᠭᠠᠶ ᠬᠡᠪᠴᠢᠶᠡᠲᠦ ᠮᠠᠯᠵᠢᠯ ᠤᠨ ᠲᠠᠯᠠᠪᠠᠶ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ᠂ ᠮᠠᠯᠵᠢᠯ ᠤᠨ ᠲᠠᠯᠠᠪᠠᠶ ᠶᠢᠨ ᠰᠠᠭᠠᠯᠢ ᠶᠢᠨ ᠦᠨᠢᠶᠡᠨ ᠤ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠨᠢ ᠡᠳᠦᠷ ᠲᠤ 41 ᠺᠢᠯᠣᠭ᠍ᠷᠠᠮ  ᠳᠤ ᠬᠦᠷᠴᠦ᠂ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶᠡᠨ ᠳᠤ ᠣᠷᠣᠰᠢᠵᠤ ᠪᠠᠶᠢᠨ᠎ᠠ︔ ᠤᠯᠤᠰ ᠤᠨ ᠳᠣᠲᠣᠭᠠᠳᠤ  ᠶᠢᠨ ᠬᠡᠪᠴᠢᠶ᠎ᠡ ᠪᠠᠷ ᠬᠠᠮᠤᠭ ᠤᠨ ᠶᠡᠭᠡ ᠰᠠᠭᠠᠯᠢ ᠶᠢᠨ ᠦᠨᠢᠶᠡᠨ ᠤ ᠬᠦᠪᠦᠷᠡᠯ ᠢ ᠬᠢᠵᠠᠭᠠᠷᠯᠠᠬᠤ ᠢᠨᠵᠧᠨᠧᠷᠢᠩ ᠤᠨ ᠲᠥᠪ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠰᠠᠭᠠᠯᠢ ᠶᠢᠨ ᠦᠨᠢᠶᠡᠨ ᠤ ᠪᠡᠶ᠎ᠡ ᠶᠢᠨ ᠭᠠᠳᠠᠨᠠᠬᠢ ᠬᠦᠪᠦᠷᠡᠯ  ᠤᠨ ᠦᠶᠯᠡᠳᠪᠦᠷᠢᠯᠡᠯ ᠤᠨ ᠮᠡᠷᠭᠡᠵᠢᠯ ᠤᠨ ᠪᠣᠭᠤᠮᠢ ᠶᠢ ᠰᠢᠪᠲᠤᠯᠵᠤ᠂ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠬᠢᠷᠢ ᠬᠡᠮᠵᠢᠶ᠎ᠡ ᠳᠤ ᠬᠦᠷᠪᠡ︔ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠦᠨᠡᠯᠡᠯᠲᠡ ᠶᠢᠨ ᠵᠠᠭᠪᠤᠷ ᠪᠠ ᠰᠢᠰᠲ᠋ᠧᠮ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠦᠨᠡᠯᠡᠯᠲᠡ ᠶᠢᠨ ᠪᠠᠷᠢᠮᠵᠢᠶ᠎ᠠ ᠶᠢᠨ ᠬᠤᠭᠤᠰᠣᠨ ᠢ ᠨᠥᠬᠦᠪᠥᠷᠢᠯᠡᠪᠡ︔ ᠴᠢᠨᠠᠷ ᠰᠠᠶᠢᠲᠠᠶ ᠰᠦᠨ ᠲᠤᠩᠭᠠᠯᠠᠭ ᠤᠭᠤᠷᠠᠭ ᠤᠨ ᠦᠶᠯᠡᠳᠬᠦ ᠮᠡᠷᠭᠡᠵᠢᠯ ᠢ ᠡᠵᠡᠮᠰᠢᠵᠦ᠂ ᠭᠠᠳᠠᠭᠠᠳᠤ ᠶᠢᠨ ᠮᠡᠷᠭᠡᠵᠢᠯ ᠤᠨ ᠮᠣᠨᠣᠫᠣᠯᠢᠴᠢᠯᠠᠯ ᠢ ᠡᠪᠳᠡᠪᠡ  ᠃ᠪᠠᠶᠠᠷ ᠤᠨ ᠮᠡᠳᠡᠭᠡ ᠵᠠᠯᠭᠠᠪᠠᠷ ᠤᠯᠠᠮᠵᠢᠯᠠᠭᠳᠠᠵᠤ᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠣᠲᠣᠭᠠᠳᠤ ᠳᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠨᠢᠭᠡᠴᠢ ᠶᠢᠨ ᠬᠢᠨ ᠰᠢᠨᠵᠢᠯᠡᠬᠦ ᠤᠬᠠᠭᠠᠨ  ᠤ ᠰᠤᠳᠤᠯᠭᠠᠨ ᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠡᠬᠢᠯᠡᠵᠦ ᠪᠦᠳᠦᠭᠡᠨ ᠪᠠᠶᠢᠭᠤᠯᠬᠤ ᠡᠬᠢᠨ ᠤ ᠦᠶ᠎ᠡ ᠳᠤ ᠳᠠᠷᠤᠢ ᠨᠢᠳᠦ ᠭᠢᠯᠠᠰᠤᠮ᠎ᠠ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ  ᠃       ᠤᠯᠤᠰ ᠤᠨ ᠬᠡᠷᠡᠭᠴᠡᠭᠡ ᠳᠤ ᠵᠣᠬᠢᠴᠠᠭᠤᠯᠤᠨ᠂ ᠤᠯᠤᠰ ᠤᠨ ᠪᠠᠴᠢᠮ ᠬᠡᠷᠡᠭᠴᠡᠭᠡ ᠶᠢ ᠰᠣᠩᠭᠤᠵᠤ᠂ ᠪᠠᠶᠢᠯᠳᠤᠬᠤ ᠪᠤᠳᠤᠯᠭ᠎ᠠ ᠶᠢᠨ ᠴᠢᠬᠤᠯᠠ ᠵᠦᠢᠯ ᠢ ᠡᠭᠦᠷᠭᠡᠯᠡᠬᠦ ᠬᠡᠷᠡᠭᠲᠡᠢ  ᠃ ᠣᠷᠣᠨ ᠤ ᠲᠥᠪ 《 ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ 》 ᠡᠭᠦᠷᠭᠡ ᠶᠢ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠰᠢᠨ᠎ᠡ ᠶᠢ ᠡᠭᠦᠳᠬᠦ ᠶᠢ ᠰᠠᠶᠢᠲᠤᠷ ᠬᠡᠷᠡᠭᠯᠡᠵᠦ᠂ ᠲᠣᠰ ᠪᠡᠶ᠎ᠡ  ᠶᠢᠨ ᠭᠤᠤᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠥᠪᠯᠡᠷᠡᠭᠰᠡᠨ ᠬᠡᠯᠪᠡᠷᠢ ᠶᠢᠨ ᠴᠠᠭᠠᠨ ᠢᠳᠡᠭᠡᠨ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠵᠤ᠂ ᠰᠢᠨ᠎ᠡ  ᠶᠢ ᠡᠭᠦᠳᠬᠦ ᠬᠦᠴᠦᠨ ᠢᠶᠠᠷ 《 ᠳᠤᠮᠳᠠᠳᠤ ᠤᠯᠤᠰ ᠤᠨ ᠰᠦ ᠶᠢᠨ ᠰᠠᠪᠠ 》 ᠶᠢ ᠳᠠᠪᠲᠠᠨ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠪᠥᠬᠦ ᠪᠥᠮᠪᠥᠷᠴᠡᠭ ᠤᠨ ᠰᠦ ᠶᠢᠨ ᠦᠶᠯᠡᠰ ᠤᠨ ᠰᠢᠨ᠎ᠡ ᠶᠢ ᠡᠭᠦᠳᠬᠦ ᠰᠢᠨ᠎ᠡ ᠥᠨᠳᠦᠷᠯᠢᠭ ᠢ ᠴᠣᠭᠴᠠᠯᠠᠨ᠎ᠠ  ᠃
 
ᠢᠷᠡᠯᠲᠡ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号