ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠪᠠ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠵᠠᠯᠭᠠᠭ᠎ᠠ ᠪᠠᠷ 5 ᠬᠤᠪᠢ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/8/18
     ᠣᠳᠣᠬᠠᠨ ᠤ ᠶᠡᠭᠡ ᠬᠢᠩᠭᠠᠨ ᠳᠠᠪᠠᠭ᠎ᠠ ᠶᠢᠨ ᠤᠷᠬᠢᠯ ᠤᠳ ᠬᠥᠬᠡᠷᠡᠨ ᠨᠣᠭᠤᠭᠠᠷᠠᠵᠤ᠂ ᠨᠣᠭᠤᠭᠠᠨ ᠲᠠᠯᠠᠢ ᠳᠣᠯᠭᠢᠶᠠᠯᠠᠨ ᠳᠠᠪᠠᠯᠭᠠᠯᠠᠵᠤ᠂ ᠶᠠᠭ ᠰᠠᠶᠢᠬᠠᠨ ᠨᠢᠭᠡ ᠵᠢᠯ ᠤᠨ ᠬᠠᠮᠤᠭ ᠤᠨ ᠭᠤᠶᠤ ᠴᠠᠭ ᠦᠶ᠎ᠡ ᠪᠣᠯᠤᠨ᠎ᠠ  ᠃ 8 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠪᠣᠯᠤᠨ ᠳᠤᠮᠳᠠᠳᠤ ᠤᠯᠤᠰ ᠤᠨ ᠣᠶ ᠰᠢᠭᠤᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠣᠯᠠᠨ ᠤᠯᠤᠰ ᠤᠨ ᠠᠵᠢᠯ ᠦᠶᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ᠂ ᠾᠧ ᠵᠢᠶᠦ᠋ᠨ ᠬᠥᠷᠥᠩᠭᠡ ᠲᠠᠢ ᠲᠣᠰ ᠲᠣᠰ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠃       ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠨᠢ ᠬᠠᠮᠲᠤᠷᠠᠯᠴᠠᠭᠠᠨ ᠤ ᠲᠠᠯ᠎ᠠ ᠲᠠᠢ ᠲᠣᠰ ᠲᠣᠰ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠶᠯ ᠤᠨ ᠦᠶᠯᠡᠳᠬᠦᠨ ᠢ ᠨᠡᠭᠡᠭᠡᠨ ᠬᠥᠭᠵᠢᠭᠦᠯᠬᠦ᠂ ᠰᠢᠰᠲ᠋ᠧᠮ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ ᠢ ᠰᠠᠶᠢᠨ ᠳᠤᠷ᠎ᠠ ᠠᠴᠠ ᠪᠠᠨ ᠪᠠᠶᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠠᠷᠠᠯᠵᠢᠶ᠎ᠠ ᠶᠢ ᠬᠠᠮᠲᠤ ᠪᠠᠷ ᠠᠬᠢᠭᠤᠯᠬᠤ ᠪᠠ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠦᠨ᠎ᠡ ᠬᠠᠩᠰᠢ ᠶᠢᠨ ᠭᠤᠤᠯᠯᠠᠬᠤ ᠬᠡᠯᠪᠡᠷᠢ ᠶᠢᠨ ᠵᠠᠬ᠎ᠠ ᠳᠡᠯᠭᠡᠭᠦᠷ ᠢ ᠪᠦᠷᠢᠯᠳᠦᠭᠦᠯᠦᠨ᠎ᠡ︔ ᠨᠡᠭᠦᠷᠡᠰᠦᠲᠥ᠋ᠷᠥᠭᠴᠢ ᠶᠢᠨ ᠠᠵᠤ ᠦᠶᠯᠡᠰ ᠤᠨ ᠬᠡᠯᠬᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ ᠦᠶᠯᠡᠰ ᠤᠨ ᠬᠤᠯᠪᠣᠭ᠎ᠠ ᠶᠢ ᠪᠠᠶᠢᠭᠤᠯᠬᠤ᠂ ᠨᠡᠭᠦᠷᠡᠰᠦᠲᠥ᠋ᠷᠥᠭᠴᠢ ᠶᠢᠨ ᠬᠠᠩᠭᠠᠯᠭ᠎ᠠ ᠠᠴᠠ ᠨᠡᠭᠦᠷᠡᠰᠦᠲᠥ᠋ᠷᠥᠭᠴᠢ ᠶᠢᠨ ᠬᠡᠷᠡᠭᠯᠡᠭᠡ ᠬᠦᠷᠲᠡᠯᠡᠬᠢ ᠬᠠᠮᠲᠤᠷᠠᠯᠴᠠᠭᠠᠨ ᠤ ᠶᠠᠪᠤᠴᠠ ᠶᠢ ᠨᠡᠪᠲᠡᠷᠡᠭᠦᠯᠬᠦ᠂ 《 ᠪᠣᠬᠢᠷᠲᠤᠯ ᠥᠬᠡᠶ + ᠡᠨᠧᠷᠭᠢ ᠶᠢᠨ ᠥᠷᠲᠡᠭ ᠤᠨ ᠬᠡᠯᠬᠢᠶ᠎ᠡ ᠶᠢᠨ ᠦᠶᠯᠡᠴᠢᠯᠡᠭᠡ 》 ᠵᠡᠷᠭᠡ ᠲᠠᠯ᠎ᠠ ᠪᠠᠷ ᠬᠥᠷᠥᠩᠭᠡ ᠶᠢᠨ ᠦᠶᠯᠡᠳᠦᠯ᠂ ᠨᠥᠯᠥᠭᠡᠯᠡᠬᠦ ᠦᠶᠯᠡᠳᠦᠯ ᠪᠠ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠤᠨ᠎ᠠ︔ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠪᠠᠶᠢᠩᠭᠤᠵᠢᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ ᠣᠢ ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠥᠷᠥᠯ ᠵᠦᠶᠯ ᠢ ᠬᠠᠮᠲᠤᠪᠠᠷ ᠬᠠᠮᠲᠤᠷᠠᠯᠴᠠᠨ ᠨᠡᠭᠡᠭᠡᠨ ᠬᠥᠭᠵᠢᠭᠦᠯᠬᠦ᠂ ᠣᠢ ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠠᠷᠠᠯᠵᠢᠶᠠᠯᠠᠬᠤ ᠵᠠᠭᠪᠤᠷ ᠢ ᠰᠦᠪᠡᠭᠴᠢᠯᠡᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠬᠢᠭᠤᠯᠬᠤ ᠦᠶᠯᠡᠳᠦᠯ ᠢ ᠪᠠᠳᠠᠷᠠᠭᠤᠯᠤᠨ᠎ᠠ  ᠃       ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠡᠵᠡᠩᠨᠡᠯᠲᠡ ᠨᠢ ᠮᠠᠨ  ᠤ ᠤᠯᠤᠰ ᠤᠨ ᠲᠠᠯᠠᠪᠠᠶ ᠪᠠᠷ ᠬᠠᠮᠤᠭ ᠤᠨ ᠶᠡᠭᠡ᠂ ᠬᠠᠮᠤᠭ ᠤᠨ ᠰᠠᠶᠢᠨ ᠬᠠᠳᠠᠭᠠᠯᠠᠭᠳᠠᠵᠤ ᠪᠠᠶᠢᠭ᠎ᠠ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠢ ᠬᠠᠮᠠᠭᠠᠯᠠᠵᠤ᠂ ᠠᠮᠢ ᠠᠬᠤᠶ  ᠶᠢᠨ ᠴᠢᠳᠠᠮᠵᠢᠲᠦ ᠣᠷᠣᠨ ᠤ ᠲᠠᠯᠠᠪᠠᠶ ᠨᠢ 10 . 67 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠣᠶ ᠰᠢᠭᠤᠶ  ᠶᠢᠨ ᠲᠠᠯᠠᠪᠠᠶ ᠨᠢ 8 . 37 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ  ᠃ 1952 ᠣᠨ ᠳᠤ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠭᠰᠠᠨ ᠠᠴᠠ ᠨᠠᠭᠠᠰᠢ᠂ ᠬᠡᠳᠦᠨ ᠦᠶ᠎ᠡ ᠶᠢᠨ ᠤᠢ ᠰᠢᠭᠤᠢ ᠶᠢᠨ ᠠᠵᠢᠯᠲᠠᠳ ᠨᠡᠶᠢᠳᠡ 2000 ᠭᠠᠷᠤᠢ ᠲᠦᠮᠡᠨ ᠮᠦ ᠮᠣᠳᠣ ᠲᠠᠷᠢᠵᠥ᠂ ᠲᠠᠸᠠᠷ ᠤᠨ ᠮᠠᠲ᠋ᠧᠷᠢᠶᠠᠯ ᠪᠣᠯᠤᠨ ᠤᠢ ᠰᠢᠭᠤᠢ ᠶᠢᠨ ᠲᠠᠭᠠᠯᠳᠠ ᠪᠦᠲᠦᠭᠡᠭᠳᠡᠬᠦᠨ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠬᠠᠩᠭᠠᠵᠤ᠂ ᠤᠢ ᠰᠢᠭᠤᠢ ᠶᠢᠨ ᠲᠠᠯᠠᠪᠠᠢ᠂ ᠤᠷᠭᠤᠭ᠎ᠠ ᠮᠣᠳᠣᠨ ᠤ ᠬᠠᠳᠠᠭᠠᠯᠠᠭᠳᠠᠴᠠ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠴᠥᠮ ᠨᠡᠭᠡᠭᠡᠨ ᠬᠥᠭᠵᠢᠭᠦᠯᠬᠦ ᠡᠬᠢᠨ ᠤ ᠦᠶ᠎ᠡ ᠶᠢᠨ ᠲᠦᠪᠰᠢᠨ ᠠᠴᠠ ᠳᠠᠪᠠᠵᠤ᠂ ᠤᠢ ᠰᠢᠭᠤᠢ ᠶᠢᠨ ᠡᠬᠢ ᠪᠠᠶᠠᠯᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠬᠥᠮᠥᠷᠭᠡ ᠦᠷᠭᠦᠯᠵᠢᠯᠡᠨ ᠥᠷᠭᠡᠵᠢᠪᠡ  ᠃ ᠣᠳᠣᠬᠠᠨ ᠳᠤ᠂ ᠰᠢᠭᠤᠶᠢᠲᠤ ᠣᠷᠣᠨ  ᠤ ᠣᠶ ᠰᠢᠭᠤᠶ ᠶᠢᠨ ᠬᠠᠳᠠᠭᠠᠯᠠᠭᠳᠠᠴᠠ 9 . 4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠶᠢᠨ ᠶᠡᠷᠦᠩᠬᠡᠶ ᠬᠡᠮᠵᠢᠶ᠎ᠡ ᠶᠢ 17 . 2 ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠢ ᠠᠬᠤᠶ ᠶᠢᠨ ᠰᠢᠰᠲ᠋ᠧᠮ ᠵᠢᠯ ᠪᠦᠷᠢ ᠨᠡᠭᠦᠷᠡᠰᠦᠲᠥ᠋ᠷᠥᠭᠴᠢ  ᠶᠢᠨ ᠳᠠᠪᠬᠤᠷ ᠢᠰᠦᠯ ᠢ 8500 ᠲᠦᠮᠡᠨ ᠲᠣᠨ ᠠᠴᠠ ᠳᠡᠭᠡᠭᠰᠢ ᠲᠣᠭᠲᠠᠪᠤᠷᠢᠵᠢᠭᠤᠯᠵᠤ᠂ ᠣᠶ ᠰᠢᠭᠤᠶ ᠶᠢᠨ ᠬᠠᠳᠠᠭᠠᠯᠠᠭᠳᠠᠴᠠ ᠶᠢᠨ ᠵᠢᠯ ᠤᠨ ᠨᠡᠮᠡᠭᠳᠡᠯ ᠤᠨ ᠬᠡᠮᠵᠢᠶ᠎ᠡ ᠶᠢ 2000 ᠲᠦᠮᠡᠨ ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠯᠭᠠᠵᠤ᠂ ᠣᠶ ᠮᠣᠳᠣᠨ ᠤ ᠵᠢᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ 3600 ᠲᠦᠮᠡᠨ ᠲᠣᠨ ᠠᠴᠠ ᠳᠡᠭᠡᠭᠰᠢ ᠲᠣᠭᠲᠠᠪᠤᠷᠢᠵᠢᠭᠤᠯᠬᠤ ᠪᠠᠷ ᠲᠥᠰᠦᠭᠡᠯᠡᠨ ᠪᠤᠳᠤᠵᠤ ᠪᠠᠶᠢᠨ᠎ᠠ  ᠃ ᠣᠯᠠᠨ ᠵᠢᠯ ᠤᠨ ᠪᠣᠶᠢᠵᠢᠭᠤᠯᠤᠨ ᠬᠥᠭᠵᠢᠭᠦᠯᠬᠦ ᠪᠠᠷ ᠳᠠᠮᠵᠢᠨ᠂ ᠨᠡᠭᠦᠷᠡᠰᠦᠲᠦ ᠷᠥᠭᠴᠢ ᠶᠢ ᠰᠢᠩᠭᠡᠭᠡᠨ ᠠᠪᠬᠤ ᠪᠦᠲᠦᠭᠡᠭᠳᠡᠬᠦᠨ ᠢ ᠨᠡᠶᠢᠲᠡ 34 ᠤᠳᠠᠭ᠎ᠠ ᠪᠣᠷᠣᠯᠠᠭᠤᠯᠵᠤ᠂ 3400 ᠲᠦᠮᠡᠨ ᠲᠥᠭᠦᠷᠢᠭ ᠤᠨ ᠠᠷᠠᠯᠵᠢᠶᠠᠨ ᠤ ᠲᠤᠭ᠎ᠠ ᠶᠢ ᠪᠡᠶᠡᠯᠡᠭᠦᠯᠵᠦ᠂ ᠨᠡᠭᠦᠷᠡᠰᠦᠲᠦ ᠷᠥᠭᠴᠢ ᠶᠢ ᠰᠢᠩᠭᠡᠭᠡᠨ ᠠᠪᠬᠤ ᠠᠵᠤ ᠦᠢᠯᠡᠰ ᠤᠨ ᠬᠥᠭᠵᠢᠯᠲᠡ ᠪᠦᠬᠦ ᠤᠯᠤᠰ ᠤᠨ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠡᠮᠦᠨ᠎ᠡ ᠡᠩᠨᠡᠭᠡᠨ ᠳᠤ ᠣᠷᠣᠪᠠ  ᠃      ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠨᠡᠭᠦᠷᠡᠰᠦᠲᠥ᠋ᠷᠥᠭᠴᠢ ᠬᠤᠷᠠᠭᠤᠯᠬᠤ ᠠᠵᠢᠯ ᠤᠨ ᠠᠯᠪᠠᠨ ᠬᠡᠷ ᠤᠨ ᠡᠷᠬᠢᠯᠡᠭᠴᠢ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠪᠦ᠋ᠦ ᠭᠦᠸᠧ ᠴᠢᠩ ᠲᠠᠨᠢᠯᠴᠠᠭᠤᠯᠬᠤ ᠳᠠᠭᠠᠨ᠂ ᠲᠣᠰ ᠤᠳᠠᠭ᠎ᠠ ᠭᠡᠷ᠎ᠡ ᠲᠣᠭᠲᠠᠭᠰᠠᠨ ᠨᠢ ᠣᠶ ᠰᠢᠭᠤᠶ  ᠶᠢᠨ ᠨᠡᠭᠦᠷᠡᠰᠦᠲᠥ᠋ᠷᠥᠭᠴᠢ ᠬᠤᠷᠠᠭᠤᠯᠬᠤ ᠬᠢᠭᠡᠳ ᠠᠮᠢ ᠠᠬᠤᠶ ᠶᠢᠨ ᠳᠠᠪᠠᠭᠤᠯᠢᠭ᠂ ᠠᠵᠤ ᠠᠬᠤᠶ ᠶᠢᠨ ᠳᠠᠪᠠᠭᠤᠯᠢᠭ  ᠢ ᠣᠷᠭᠠᠨᠢᠭ ᠢᠶᠠᠷ ᠤᠶᠠᠯᠳᠤᠭᠤᠯᠬᠤ ᠳᠤ ᠬᠦᠴᠦᠨ ᠨᠡᠮᠡᠷᠢᠯᠡᠵᠦ᠂ ᠯᠠᠪᠲᠠᠶ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠬᠠᠮᠤᠭ ᠤᠨ ᠶᠡᠭᠡ ᠨᠥᠭᠡᠴᠡ ᠰᠠᠭᠤᠷᠢᠨ ᠭᠠᠵᠠᠷ ᠪᠠᠶᠢᠭᠤᠯᠬᠤ ᠳᠤ ᠰᠢᠨ᠎ᠡ ᠲᠤᠷᠰᠢᠯᠭ᠎ᠠ ᠰᠢᠨ᠎ᠡ ᠲᠥᠰᠦᠯ ᠬᠠᠩᠭᠠᠵᠤ᠂ 《 ᠬᠤᠤᠰ ᠨᠡᠭᠦᠷᠡᠰᠦᠲᠥ᠋ᠷᠥᠭᠴᠢ 》 ᠶᠢᠨ ᠠᠯᠤᠰ ᠤᠨ ᠲᠥᠰᠦᠪ ᠢ ᠪᠡᠶᠡᠯᠡᠭᠦᠯᠬᠦ ᠳᠤ ᠠᠬᠢᠭᠤᠯᠬᠤ ᠦᠶᠯᠡᠳᠦᠯ ᠦᠵᠡᠭᠦᠯᠬᠦ ᠪᠣᠯᠤᠨ᠎ᠠ ᠭᠡᠵᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号