| | 《 ᠥᠪᠡᠷᠲᠡᠭᠡᠨ ᠵᠠᠰᠠᠬᠤ ᠣᠷᠣᠨ ᠠᠴᠠ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠲᠠᠯᠪᠢᠵᠤ | ᠪᠠᠶᠢᠭ᠎ᠠ ᠦᠷ᠎ᠡ ᠪᠦᠲᠦᠮᠵᠢ ᠪᠠᠷ ᠳᠣᠤᠷ᠎ᠠ ᠭᠠᠵᠠᠷ ᠰᠢᠷᠣᠶ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠶᠳᠪᠦᠷᠢᠯᠡᠬᠦ ᠪᠣᠯ | ᠬᠠᠳᠠᠭᠠᠯᠠᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠨ᠂ ᠳᠣᠲᠣᠭᠠᠳᠤ ᠶᠢᠨ ᠳᠠᠯᠳᠠ ᠬᠦᠴᠦᠨ | ᠢ ᠭᠦᠨᠵᠡᠭᠡᠶ ᠠᠭᠤᠳᠠᠯᠵᠤ᠂ ᠭᠠᠵᠠᠷ ᠰᠢᠷᠣᠶ ᠶᠢ ᠬᠢᠮᠳᠠ ᠦᠨ᠎ᠡ ᠪᠠᠷ ᠬᠤᠳᠠᠯᠳᠤᠬᠤ ᠠᠵᠢᠯᠯᠠᠭ᠎ᠠ ᠶᠢ ᠵᠢᠷᠤᠮᠵᠢᠭᠤᠯᠤᠨ᠂ | ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠰᠢᠭᠯᠠᠬᠤ | ᠦᠷ᠎ᠡ ᠪᠦᠲᠦᠮᠵᠢ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠬᠤ ᠬᠢᠷᠢ | ᠲᠦᠪᠰᠢᠨ ᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ 8 ᠳ᠋ᠤᠭᠠᠷ | ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ᠤᠨ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ | ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢᠨ ᠰᠠᠭᠤᠷᠢᠰᠢᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ ᠲᠠᠨᠢᠯᠴᠠᠭᠤᠯᠪᠠ ᠃ | ᠣᠶᠢᠯᠠᠭᠠᠭᠰᠠᠨ ᠢᠶᠠᠷ᠂ ᠵᠥᠪᠰᠢᠶᠡᠷᠡᠭᠡᠳ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠨᠢ | ᠦᠯᠡᠳᠡᠭᠡᠯ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ | ᠬᠤᠪᠢ ᠳᠤ᠂ ᠲᠡᠭᠦᠨ ᠤ ᠠᠮᠢᠳᠤᠯᠢᠭᠵᠢᠭᠤᠯᠤᠨ ᠠᠰᠢᠭᠯᠠᠬᠤ ᠨᠢ ᠭᠠᠵᠠᠷ ᠰᠢᠷᠣᠶ ᠶᠢᠨ ᠬᠦᠴᠦᠨ ᠵᠦᠶᠯ ᠤᠨ | ᠪᠠᠲᠤᠯᠠᠭ᠎ᠠ ᠶᠢᠨ ᠴᠢᠳᠠᠪᠤᠷᠢ ᠪᠠ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ ᠃ ᠠᠵᠤ ᠠᠬᠤᠶ ᠨᠡᠶᠢᠭᠡᠮ ᠤᠨ ᠬᠥᠭᠵᠢᠯᠲᠡ ᠠᠴᠠ ᠭᠠᠵᠠᠷ ᠰᠢᠷᠣᠶ ᠬᠡᠷᠡᠭᠰᠡᠬᠦ | ᠬᠡᠮᠵᠢᠶ᠎ᠡ ᠶᠢᠨ ᠲᠠᠰᠤᠷᠠᠯᠲᠠ ᠤᠢᠭᠡᠢ ᠳᠡᠭᠡᠭᠰᠢᠯᠡᠬᠦ ᠶᠢ ᠳᠠᠭᠠᠯᠳᠤᠨ᠂ ᠭᠠᠵᠠᠷ ᠰᠢᠷᠣᠶ ᠶᠢᠨ 《 ᠵᠥᠪᠰᠢᠶᠡᠷᠡᠬᠦ᠂ | ᠬᠠᠩᠭᠠᠬᠤ᠂ ᠬᠡᠷᠡᠭᠯᠡᠬᠦ 》 ᠨᠢ ᠲᠤᠭ᠎ᠠ ᠬᠡᠮᠵᠢᠶᠡᠨ ᠤ ᠲᠠᠯ᠎ᠠ ᠪᠠᠷ ᠲᠡᠩᠴᠡᠭᠦᠷᠢ ᠦᠭᠡᠶ ᠦᠵᠡᠭᠳᠡᠯ ᠭᠠᠷᠴᠤ᠂ ᠭᠠᠵᠠᠷ | ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠳᠦᠷᠢᠮ ᠤᠨ ᠬᠡᠷᠡᠭᠵᠢᠭᠦᠯᠦᠭᠳᠡᠬᠦ ᠶᠢ ᠬᠦᠨᠳᠦ ᠨᠣᠴᠢᠲᠠᠶ ᠬᠢᠵᠠᠭᠠᠷᠯᠠᠵᠤ | ᠂ ᠵᠥᠪᠰᠢᠶᠡᠷᠡᠭᠡᠳ ᠬᠠᠩᠭᠠᠭᠰᠠᠨ ᠦᠭᠡᠶ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢᠨ ᠠᠰᠠᠭᠤᠳᠠᠯ ᠢ | ᠰᠢᠶᠳᠪᠦᠷᠢᠯᠡᠬᠦ ᠶᠠᠪᠤᠳᠠᠯ ᠲᠤᠯᠭᠠᠮ᠎ᠠ ᠪᠣᠯᠣᠭᠠᠳ ᠪᠠᠶᠢᠨ᠎ᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭᠵᠢᠭᠤᠯᠤᠨ ᠠᠰᠢᠭᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ | ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ ᠰᠢᠩᠭᠡᠭᠡᠵᠦ | ᠰᠢᠶᠳᠪᠦᠷᠢᠯᠡᠬᠦ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠪᠠ ᠃ 《 ᠲᠥᠰᠦᠯ 》 ᠢ ᠦᠨᠳᠦᠰᠦᠯᠡᠪᠡᠯ | ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ | ᠵᠥᠪᠰᠢᠶᠡᠷᠡᠭᠦᠯᠦᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ 67 . 94 ᠲᠦᠮᠡᠨ | ᠮᠥ ᠠᠮᠢᠳᠤᠯᠢᠭ ᠪᠣᠯᠭᠠᠬᠤ ᠪᠠᠷ ᠴᠢᠷᠮᠠᠶᠢᠵᠤ᠂ ᠡᠭᠦᠨ ᠳᠤ ᠵᠥᠪᠰᠢᠶᠡᠷᠡᠭᠦᠯᠦᠭᠰᠡᠨ ᠪᠠᠶᠢᠲᠠᠯ᠎ᠠ ᠬᠠᠩᠭᠠᠭᠠᠳᠤᠶ ᠭᠠᠵᠠᠷ | ᠰᠢᠷᠣᠶ ᠶᠢ 52 . 02 ᠲᠦᠮᠡᠨ ᠮᠥ᠂ ᠰᠤᠯᠠ ᠪᠠᠶᠢᠭ᠎ᠠ ᠭᠠᠵᠠᠷ ᠰᠢᠷᠣᠶ ᠶᠢ 15 . 92 ᠲᠦᠮᠡᠨ ᠮᠥ ᠠᠮᠢᠳᠤᠯᠢᠭ | ᠪᠣᠯᠭᠠᠨ᠎ᠠ ᠃ ᠥᠪᠡᠷᠲᠡᠭᠡᠨ ᠵᠠᠰᠠᠬᠤ ᠣᠷᠣᠨ ᠵᠥᠪᠰᠢᠶᠡᠷᠡᠭᠦᠯᠦᠭᠰᠡᠨ ᠪᠠᠶᠢᠲᠠᠯ᠎ᠠ ᠬᠠᠩᠭᠠᠭᠰᠠᠨ ᠦᠭᠡᠶ᠂ ᠰᠤᠯᠠ | ᠲᠠᠯᠪᠢᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠵᠦ ᠰᠢᠶᠳᠪᠦᠷᠢᠯᠡᠬᠦ ᠶᠡᠭᠡ ᠰᠠᠭᠤᠷᠢᠯᠠᠬᠤ ᠠᠵᠢᠯᠯᠠᠭ᠎ᠠ ᠥᠷᠨᠢᠭᠦᠯᠬᠦ ᠪᠠᠷ | ᠭᠠᠷᠳᠠᠴᠠ ᠪᠣᠯᠭᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢ ᠨᠡᠭᠡᠭᠡᠨ ᠠᠰᠢᠭᠯᠠᠬᠤ ᠪᠠ ᠬᠢᠨᠠᠨ ᠬᠠᠮᠢᠶᠠᠷᠬᠤ ᠲᠠᠯ᠎ᠠ ᠪᠠᠷ ᠥᠪᠡᠷᠲᠡᠭᠡᠨ | ᠵᠠᠰᠠᠬᠤ ᠣᠷᠣᠨ ᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠪᠣᠯᠤᠨ᠎ᠠ ᠃ | ᠠᠵᠢᠯ ᠢ ᠠᠬᠢᠭᠤᠯᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠠᠴᠠ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ | ᠴᠡᠪᠡᠷᠰᠢᠭᠦᠯᠦᠨ ᠰᠢᠶᠳᠪᠦᠷᠢᠯᠡᠭᠰᠡᠨ ᠦᠷ᠎ᠡ ᠳ᠋ᠦᠩ ᠢ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠶ ᠶᠢᠨ ᠲᠥᠯᠥᠪᠯᠡᠭᠡ ᠶᠢᠨ ᠭᠦᠶᠴᠡᠳᠬᠡᠯ ᠲᠤᠭ᠎ᠠ ᠯᠤᠭ᠎ᠠ ᠴᠠᠭ ᠲᠤᠬᠠᠶ ᠳᠤ ᠨᠢ | ᠬᠤᠯᠪᠣᠭᠳᠠᠭᠤᠯᠵᠤ᠂ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠦᠭᠰᠡᠨ ᠠᠶᠢᠮᠠᠭ ᠬᠤᠲᠠ ᠳᠤ ᠳᠠᠷᠠᠭ᠎ᠠ ᠵᠢᠯ ᠤᠨ | ᠲᠥᠯᠥᠪᠯᠡᠭᠡ ᠶᠢᠨ ᠭᠦᠶᠴᠡᠳᠬᠡᠯ ᠲᠤᠭ᠎ᠠ ᠶᠢᠨ ᠱᠠᠩᠨᠠᠯ ᠣᠯᠭᠤᠵᠤ᠂ ᠡᠭᠦᠷᠭᠡ ᠪᠠᠨ ᠪᠡᠶᠡᠯᠡᠭᠦᠯᠦᠭᠰᠡᠨ ᠥᠬᠡᠶ ᠠᠶᠢᠮᠠᠭ | ᠬᠤᠲᠠ ᠶᠢᠨ ᠲᠥᠯᠥᠪᠯᠡᠭᠡ ᠶᠢᠨ ᠭᠦᠶᠴᠡᠳᠬᠡᠯ ᠲᠤᠭ᠎ᠠ ᠶᠢ ᠬᠢᠨᠠᠨ ᠬᠠᠰᠤᠵᠤ᠂ ᠴᠢᠬᠤᠯᠠᠲᠠᠶ ᠦᠶ᠎ᠡ ᠳᠤ ᠬᠢᠨᠠᠨ | ᠵᠥᠪᠰᠢᠶᠡᠷᠡᠬᠦ ᠶᠢ ᠬᠢᠵᠠᠭᠠᠷᠯᠠᠬᠤ ᠠᠷᠭ᠎ᠠ ᠪᠠᠷᠢᠯ ᠢ ᠠᠪᠴᠤ᠂ ᠶᠡᠭᠡ ᠬᠡᠮᠵᠢᠶ᠎ᠡ ᠪᠠᠷ ᠨᠠᠶᠢᠳᠠᠪᠤᠷᠢᠵᠢᠭᠤᠯᠬᠤ ᠶᠢ | ᠪᠠᠲᠤᠯᠠᠬᠤ ᠶᠢ ᠪᠥᠬᠦ ᠬᠦᠴᠦᠨ ᠢᠶᠠᠷ ᠠᠬᠢᠭᠤᠯᠤᠨ᠎ᠠ ᠃ | ᠵᠥᠪᠰᠢᠶᠡᠷᠡᠭᠡᠳ ᠬᠠᠩᠭᠠᠭᠰᠠᠨ ᠦᠭᠡᠢ᠂ ᠰᠤᠯᠠ ᠲᠠᠯᠪᠢᠭᠳᠠᠵᠤ ᠪᠠᠶᠭ᠎ᠠ ᠭᠠᠵᠠᠷ ᠰᠢᠷᠣᠢ ᠶᠢ ᠶᠡᠭᠡ ᠪᠠᠷ | ᠬᠥᠳᠡᠯᠭᠡᠬᠦ ᠭᠤᠣᠯ ᠠᠷᠭ᠎ᠠ ᠬᠡᠮᠵᠢᠶ᠎ᠡ ᠪᠣᠯ | ᠰᠢᠰᠲ᠋ᠧᠮᠲᠦ ᠬᠠᠮᠢᠶᠠᠷᠤᠯᠲᠠ ᠃ ᠥᠪᠡᠷᠲᠡᠭᠡᠨ ᠵᠠᠰᠠᠬᠤ ᠣᠷᠣᠨ ᠭᠤᠷᠪᠠᠳᠤᠭᠠᠷ ᠤᠳᠠᠭᠠᠨ ᠤ ᠤᠯᠤᠰ ᠤᠨ | ᠭᠠᠵᠠᠷ ᠰᠢᠷᠣᠶ ᠶᠢᠨ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠶᠢ ᠠᠰᠢᠭᠯᠠᠨ᠂ ᠪᠥᠬᠦ ᠣᠷᠣᠨ ᠤ ᠵᠥᠪᠰᠢᠶᠡᠷᠡᠭᠰᠡᠨ | ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢᠨ ᠪᠠᠶᠢᠷᠢᠯᠠᠯ᠂ ᠲᠠᠯᠠᠪᠠᠶ᠂ ᠡᠷᠬᠡ ᠶᠢᠨ | ᠬᠠᠷᠢᠶᠠᠯᠠᠯ᠂ ᠲᠥᠯᠥᠪᠵᠢᠭᠦᠯᠭᠡ ᠶᠢᠨ ᠬᠡᠷᠡᠭᠴᠡᠭᠡ ᠵᠡᠷᠭᠡ ᠪᠠᠶᠢᠳᠠᠯ ᠢ ᠨᠢᠭᠡ ᠨᠢᠭᠡ ᠪᠠᠷ ᠵᠢᠷᠤᠭᠯᠠᠵᠤ ᠬᠥᠮᠥᠷᠭᠡ ᠳᠤ | ᠣᠷᠣᠭᠤᠯᠤᠨ᠂ ᠲᠥᠷᠥᠯ ᠵᠦᠶᠯ ᠤᠨ ᠨᠠᠷᠢᠨ ᠬᠠᠭᠤᠳᠠᠰᠤ ᠶᠢ ᠪᠠᠶᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠳᠤ ᠣᠷᠣᠭᠤᠯᠵᠤ᠂ | ᠲᠥᠷᠥᠯ ᠵᠦᠶᠯ ᠤᠨ ᠪᠠᠶᠢᠳᠠᠯ ᠤᠨ ᠬᠤᠪᠢᠷᠠᠯᠲᠠ ᠶᠢ ᠪᠥᠬᠦ ᠶᠠᠪᠤᠴᠠ ᠳᠤ ᠮᠥᠷᠳᠡᠨ ᠬᠥᠳᠡᠯᠦᠩᠭᠦᠶ ᠪᠠᠷ ᠰᠢᠨᠡᠳᠬᠡᠬᠦ | ᠶᠢᠨ ᠬᠠᠮᠲᠤ᠂ ᠠᠶᠢᠮᠠᠭ ᠬᠤᠲᠠ᠂ ᠬᠤᠰᠢᠭᠤ ᠰᠢᠶᠠᠨ ᠯᠤᠭ᠎ᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ | ᠪᠡᠶᠡᠯᠡᠭᠦᠯᠦᠨ᠎ᠡ ᠃ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠃ ᠵᠥᠪᠰᠢᠶᠡᠷᠡᠭᠡᠳ ᠭᠠᠵᠠᠷ ᠰᠢᠷᠣᠶ | ᠬᠠᠩᠭᠠᠭᠰᠠᠨ ᠥᠬᠡᠶ ᠪᠠᠶᠢᠪᠠᠯ᠂ 《 ᠬᠠᠩᠭᠠᠬᠤ ᠪᠠᠷ ᠭᠤᠤᠯ ᠪᠣᠯᠭᠠᠵᠤ᠂ ᠬᠠᠩᠭᠠᠬᠤ ᠪᠠ ᠬᠠᠰᠤᠬᠤ ᠶᠢ | ᠤᠶᠠᠯᠳᠤᠭᠤᠯᠬᠤ 》 ᠵᠠᠷᠴᠢᠮ ᠶᠣᠰᠣᠭᠠᠷ᠂ 3 ᠲᠥᠷᠥᠯ ᠤᠨ ᠠᠷᠭ᠎ᠠ ᠬᠡᠮᠵᠢᠶ᠎ᠡ 7 ᠵᠦᠶᠯ ᠤᠨ ᠪᠠᠶᠢᠳᠠᠯ ᠢᠶᠠᠷ | ᠰᠢᠩᠭᠡᠭᠡᠨ᠎ᠡ᠂ ᠪᠣᠳᠠᠲᠠᠶ 3 ᠲᠥᠷᠥᠯ ᠤᠨ ᠠᠷᠭ᠎ᠠ ᠬᠡᠮᠵᠢᠶ᠎ᠡ ᠪᠣᠯ ᠭᠠᠵᠠᠷ ᠰᠢᠷᠣᠶ ᠶᠢᠨ ᠬᠠᠩᠭᠠᠯᠭ᠎ᠠ ᠶᠢ ᠲᠦᠷᠭᠡᠳᠬᠡᠵᠦ | ᠂ ᠭᠠᠵᠠᠷ ᠰᠢᠷᠣᠶ ᠬᠠᠩᠭᠠᠬᠤ ᠭᠠᠷᠳᠠᠮ᠂ ᠬᠠᠷᠭᠤᠭᠤᠯᠵᠤ ᠬᠦᠴᠦᠨ ᠥᠬᠡᠶ ᠪᠣᠯᠭᠠᠬᠤ ᠶᠢ ᠬᠢᠨᠠᠨ ᠵᠥᠪᠰᠢᠶᠡᠷᠡᠬᠦ | ᠪᠢᠴᠢᠭ ᠮᠠᠲ᠋ᠧᠷᠢᠶᠠᠯ ᠢ ᠲᠡᠭᠦᠯᠳᠡᠷᠵᠢᠭᠦᠯᠦᠨ᠎ᠡ ᠃ 7 ᠵᠦᠶᠯ ᠤᠨ ᠪᠠᠶᠢᠳᠠᠯ ᠭᠡᠪᠡᠯ᠂ ᠬᠡᠷᠡᠭᠵᠢᠭᠦᠯᠬᠦ ᠲᠥᠰᠦᠯ ᠢ | ᠨᠠᠶᠢᠷᠠᠭᠤᠯᠤᠨ ᠵᠣᠬᠢᠶᠠᠭᠰᠠᠨ ᠥᠬᠡᠶ ᠮᠥᠷᠲᠡᠭᠡᠨ ᠳᠠᠭᠢᠵᠤ ᠬᠡᠷᠡᠭᠯᠡᠬᠦ ᠥᠬᠡᠶ᠂ ᠭᠠᠵᠠᠷ ᠰᠢᠷᠣᠶ ᠲᠠᠲᠠᠪᠤᠷᠢᠯᠠᠨ | ᠨᠤᠷᠠᠭᠠᠵᠤ ᠨᠡᠭᠦᠯᠭᠡᠬᠦ ᠶᠢ ᠪᠡᠶᠡᠯᠡᠭᠦᠯᠦᠭᠰᠡᠨ ᠥᠬᠡᠶ᠂ ᠵᠢᠱᠢᠭᠰᠡᠨ ᠭᠠᠵᠠᠷ ᠰᠢᠷᠣᠶ ᠬᠡᠷᠡᠭᠯᠡᠬᠦ ᠵᠦᠶᠯᠡᠰ ᠲᠤ ᠬᠤᠪᠢᠷᠠᠯᠲᠠ | ᠭᠠᠷᠤᠭᠰᠠᠨ ᠪᠤᠶᠤ ᠭᠠᠵᠠᠷ ᠰᠢᠷᠣᠶ ᠬᠡᠷᠡᠭᠯᠡᠬᠦ ᠰᠠᠨᠠᠮᠵᠢ ᠳᠤᠲᠠᠭᠳᠠᠭᠰᠠᠨ ᠪᠠᠶᠢᠪᠠᠯ᠂ ᠲᠥᠯᠥᠪᠵᠢᠭᠦᠯᠭᠡ ᠳᠤ | ᠲᠣᠬᠢᠷᠠᠭᠤᠯᠤᠯᠲᠠ ᠬᠢᠵᠦ᠂ ᠬᠠᠩᠭᠠᠭᠰᠠᠨ ᠥᠬᠡᠶ ᠪᠠᠷ ᠳᠠᠷᠤᠶ ᠬᠡᠷᠡᠭᠯᠡᠵᠦ᠂ ᠥᠨᠴᠥᠭ ᠪᠤᠯᠤᠩ ᠭᠠᠵᠠᠷ ᠲᠤ ᠶᠠᠭ | ᠭᠠᠵᠠᠷ ᠰᠢᠷᠣᠶ ᠬᠠᠩᠭᠠᠬᠤ ᠵᠢᠷᠤᠮ ᠢ ᠭᠦᠶᠴᠡᠳᠬᠡᠵᠦ ᠪᠠᠶᠢᠨ᠎ᠠ ᠃ ᠣᠲᠣ ᠶᠢᠨ ᠰᠤᠯᠠ ᠪᠠᠶᠢᠭ᠎ᠠ ᠭᠠᠵᠠᠷ ᠰᠢᠷᠣᠶ ᠶᠢ | 《 ᠬᠡᠷᠡᠭᠯᠡᠬᠦ ᠪᠠᠷ ᠤᠷᠢᠲᠠᠯ ᠪᠣᠯᠭᠠᠬᠤ 》 ᠵᠠᠷᠴᠢᠮ ᠶᠣᠰᠣᠭᠠᠷ᠂ 3 ᠲᠥᠷᠥᠯ ᠤᠨ ᠰᠢᠯᠲᠠᠭᠠᠨ 5 ᠵᠦᠶᠯ ᠤᠨ | ᠪᠠᠶᠢᠳᠠᠯ ᠬᠤᠪᠢᠶᠠᠵᠤ ᠰᠢᠶᠳᠪᠦᠷᠢᠯᠡᠨ᠎ᠡ᠂ ᠪᠣᠳᠠᠲᠠᠶ 3 ᠲᠥᠷᠥᠯ ᠤᠨ ᠰᠢᠯᠲᠠᠭᠠᠨ ᠨᠢ ᠵᠠᠰᠠᠭ ᠤᠨ ᠣᠷᠳᠣᠨ ᠪᠤᠶᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠯᠲᠠᠭᠠᠨ ᠠᠴᠠ ᠪᠣᠯᠵᠣ ᠰᠤᠯᠠ ᠪᠠᠶᠢᠭ᠎ᠠ᠂ ᠠᠵᠤ ᠠᠬᠤᠶᠢᠯᠠᠯ ᠤᠨ | ᠰᠢᠯᠲᠠᠭᠠᠨ ᠠᠴᠠ ᠪᠣᠯᠵᠣ ᠰᠤᠯᠠ ᠪᠠᠶᠢᠭ᠎ᠠ᠂ ᠪᠤᠰᠤᠳ ᠰᠢᠯᠲᠠᠭᠠᠨ ᠠᠴᠠ ᠪᠣᠯᠵᠣ ᠰᠤᠯᠠ ᠪᠠᠶᠢᠭ᠎ᠠ ᠶᠠᠪᠤᠳᠠᠯ ᠪᠣᠯᠤᠨ᠎ᠠ ᠃ | 5 ᠵᠦᠶᠯ ᠤᠨ ᠪᠠᠶᠢᠳᠠᠯ ᠭᠡᠪᠡᠯ᠂ ᠴᠠᠭ ᠲᠤᠬᠠᠶ ᠳᠤᠨᠢ ᠲᠣᠭᠤᠷᠢᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠥᠬᠡᠶ | ᠂ ᠪᠥᠲᠥᠭᠡᠨ ᠪᠠᠶᠢᠭᠤᠯᠤᠯᠲᠠ ᠳᠤ ᠠᠵᠢᠯ ᠡᠬᠢᠯᠡᠭᠦᠯᠦᠭᠰᠡᠨ ᠭᠡᠷᠡᠴᠢ ᠳᠤᠲᠠᠮᠠᠭ᠂ ᠵᠠᠰᠠᠭ ᠤᠨ ᠣᠷᠳᠣᠨ ᠤ ᠰᠢᠯᠲᠠᠭᠠᠨ | ᠨᠢ ᠰᠤᠯᠠ ᠪᠠᠶᠢᠬᠤ᠂ ᠠᠵᠤ ᠠᠬᠤᠶᠢᠯᠠᠯ ᠤᠨ ᠰᠢᠯᠲᠠᠭᠠᠨ ᠨᠢ ᠰᠤᠯᠠ ᠪᠠᠶᠢᠬᠤ᠂ ᠬᠠᠤᠯᠢ ᠪᠠᠷᠢᠯᠲᠠ ᠪᠠᠷ ᠪᠠᠶᠢᠴᠠᠭᠠᠨ | ᠪᠢᠲᠡᠭᠦᠮᠵᠢᠯᠡᠭᠰᠡᠨ ᠵᠡᠷᠭᠡ ᠪᠣᠯᠤᠨ᠎ᠠ ᠃ | ᠰᠢᠨ᠎ᠡ ᠶᠢ ᠡᠭᠦᠳᠬᠦ ᠠᠷᠭ᠎ᠠ ᠮᠠᠶ᠋ᠢᠭ ᠃ ᠰᠤᠯᠠ ᠪᠠᠶᠢᠭ᠎ᠠ ᠭᠠᠵᠠᠷ ᠰᠢᠷᠣᠢ ᠢᠢ ᠰᠢᠢᠳᠪᠦᠷᠢᠯᠡᠬᠦ ᠶᠠᠪᠤᠴᠠ ᠲᠤ | ᠨᠢᠭᠡᠨᠲᠡ ᠲᠤᠰᠢᠶᠠᠭᠰᠠᠨ ᠭᠠᠵᠠᠷ ᠰᠢᠷᠣᠢ ᠢᠢᠨ ᠦᠨ᠎ᠡ ᠢᠢᠨ ᠵᠣᠭᠤᠰ᠂ ᠲᠦᠷᠦᠯ ᠵᠦᠢᠯ ᠣᠨ ᠪᠡᠯᠡ ᠮᠥᠩᠭᠦ ᠢᠢ | ᠨᠠᠶᠢᠳᠠᠪᠤᠷᠢᠵᠢᠭᠤᠯᠤᠭᠰᠠᠨ ᠮᠥᠷᠲᠡᠭᠡᠨ ᠲᠥᠯᠥᠪᠵᠢᠭᠦᠯᠭᠡ ᠲᠤ ᠬᠠᠤᠯᠢ ᠶᠣᠰᠣᠭᠠᠷ ᠵᠠᠰᠠᠪᠤᠷᠢ ᠣᠷᠣᠭᠤᠯᠤᠭᠰᠠᠨ ᠠᠴᠠ | ᠪᠤᠯᠵᠤ ᠰᠤᠯᠠ ᠪᠠᠶᠢᠬᠤ ᠢᠢ ᠣᠷᠣᠨ ᠨᠤᠲᠤᠭ ᠣᠨ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ᠂ ᠵᠠᠰᠠᠭ | ᠣᠨ ᠣᠷᠳᠣᠨ ᠤ ᠨᠥᠭᠡᠴᠡ ᠭᠠᠵᠠᠷ ᠰᠢᠷᠣᠢ ᠯᠤᠭ᠎ᠠ ᠦᠨ᠎ᠡ ᠬᠠᠶᠠᠯᠴᠠᠭᠤᠯᠤᠨ ᠰᠣᠯᠢᠬᠤ ᠠᠵᠢᠯ ᠥᠷᠨᠢᠭᠦᠯᠬᠦ ᠢᠢ | ᠰᠦᠪᠡᠭᠴᠢᠯᠡᠵᠦ ᠪᠣᠯᠤᠨ᠎ᠠ᠂ ᠳᠥᠭᠦᠮᠴᠢᠯᠡᠭᠡᠳ 《 ᠰᠤᠯᠠ ᠬᠠᠳᠠᠭᠠᠯᠠᠵᠤ ᠰᠣᠯᠢᠬᠤ 》 ᠭᠡᠨ᠎ᠡ ᠃ 《 ᠰᠤᠯᠠ | ᠬᠠᠳᠠᠭᠠᠯᠠᠯᠲᠠ ᠪᠠᠷ ᠰᠣᠯᠢᠬᠤ 》 ᠪᠣᠯ ᠬᠡᠯᠡᠯᠴᠡᠭᠡᠷ ᠢᠶᠠᠷ ᠰᠣᠯᠢᠬᠤ ᠶᠢᠨ ᠨᠢᠭᠡᠨ ᠠᠰᠢᠭᠲᠠᠶ ᠨᠥᠬᠦᠪᠥᠷᠢ ᠮᠥᠨ᠂ | ᠲᠡᠩᠴᠡᠭᠦᠦ ᠥᠷᠲᠡᠭ ᠢᠶᠠᠷ ᠰᠣᠯᠢᠬᠤ ᠵᠠᠷᠴᠢᠮ ᠶᠣᠰᠣᠭᠠᠷ᠂ ᠠᠳᠠᠯᠢ ᠪᠤᠰᠤ ᠬᠡᠷᠡᠭᠴᠡᠭᠡ ᠶᠢᠨ ᠬᠤᠭᠤᠷᠣᠨᠳᠣ ᠢᠯᠡ | ᠪᠠᠷ ᠦᠨ᠎ᠡ ᠥᠷᠢᠰᠥᠯᠳᠦᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠂ ᠭᠠᠵᠠᠷ ᠰᠢᠷᠣᠶ ᠥᠷᠢᠰᠥᠯᠳᠦᠨ | ᠣᠯᠤᠭᠰᠠᠨ ᠨᠢᠭᠡᠴᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠲᠠᠢ 《 ᠰᠤᠯᠠ ᠬᠠᠳᠠᠭᠠᠯᠠᠯᠲᠠ ᠪᠠᠷ ᠰᠣᠯᠢᠬᠤ | 》 ᠬᠡᠯᠡᠯᠴᠡᠭᠡᠷ ᠲᠣᠭᠲᠠᠭᠠᠨ᠎ᠠ ᠃ | ᠲᠣᠰ ᠤᠳᠠᠭᠠᠨ ᠤ ᠠᠵᠢᠯᠯᠠᠭ᠎ᠠ ᠶᠢ ᠥᠩᠭᠡᠷᠡᠭᠰᠡᠨ ᠤ ᠵᠥᠪᠰᠢᠶᠡᠷᠡᠭᠡᠳ ᠬᠠᠩᠭᠠᠭᠰᠠᠨ ᠥᠬᠡᠶ᠂ ᠰᠤᠯᠠ | ᠪᠠᠶᠢᠭ᠎ᠠ ᠭᠠᠵᠠᠷ ᠰᠢᠷᠣᠶ ᠶᠢ ᠰᠢᠩᠭᠡᠭᠡᠨ ᠰᠢᠶᠳᠪᠦᠷᠢᠯᠡᠬᠦ ᠠᠵᠢᠯ ᠲᠠᠢ ᠬᠠᠷᠢᠴᠠᠭᠤᠯᠪᠠᠯ ᠨᠠᠩ ᠴᠢᠩᠭ᠎ᠠ᠂ ᠨᠠᠩ ᠪᠣᠳᠠᠲᠠᠶ | ᠂ ᠨᠠᠩ ᠨᠠᠷᠢᠯᠢᠭ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠲᠣᠰ ᠤᠳᠠᠭ᠎ᠠ ᠶᠢᠨ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ ᠪᠠᠷ ᠬᠡᠷᠡᠭᠯᠡᠬᠦ ᠠᠵᠠ ᠲᠣᠬᠢᠶᠠᠯ ᠢᠶᠠᠷ᠂ ᠭᠠᠵᠠᠷ | ᠰᠢᠷᠣᠶ ᠶᠢᠨ ᠡᠬᠢ ᠪᠠᠶᠠᠯᠢᠭ ᠢ ᠦᠨᠡᠨ ᠬᠦ ᠬᠥᠳᠡᠯᠭᠡᠵᠦ᠂ ᠠᠮᠢᠳᠤᠯᠢᠭᠵᠢᠭᠤᠯᠵᠤ᠂ ᠬᠡᠷᠡᠭᠯᠡᠵᠦ᠂ ᠭᠠᠵᠠᠷ ᠰᠢᠷᠣᠶ ᠶᠢᠨ | ᠡᠬᠢ ᠪᠠᠶᠠᠯᠢᠭ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠪᠣᠯᠤᠨ᠎ᠠ ᠃ ᠡᠭᠦᠨ ᠤ ᠬᠠᠮᠲᠤ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠠᠵᠤ ᠦᠶᠯᠡᠰ ᠤᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠵᠡᠷᠭᠡ ᠳᠤ ᠦᠷᠭᠦᠯᠵᠢᠯᠡᠨ 《 ᠬᠥᠭᠵᠢᠯᠲᠡ ᠶᠢᠨ ᠣᠷᠣᠨ ᠵᠠᠶ ᠭᠠᠷᠭᠠᠵᠤ 》᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠪᠠᠲᠤᠯᠠᠭ᠎ᠠ ᠬᠠᠩᠭᠠᠨ᠎ᠠ ᠃ | | | | | | | | | | | ᠁ |