ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠬᠦᠷᠢᠶᠡᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ  ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/8/24
     ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠬᠤᠯᠪᠣᠭᠳᠠᠯ ᠪᠦᠬᠦᠢ ᠨᠢᠭᠡᠴᠡ᠄     ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠣᠨᠣᠪᠴᠢ ᠥᠬᠡᠶ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠪᠠ ᠬᠤᠪᠢ ᠨᠡᠮᠡᠷᠢ ᠦᠵᠡᠭᠦᠯᠬᠦ ᠴᠢᠳᠠᠪᠤᠷᠢ ᠳᠣᠤᠷ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡ ᠪᠠᠭᠤᠷᠠᠶ ᠪᠠᠶᠢᠬᠤ ᠵᠡᠷᠭᠡ ᠠᠰᠠᠭᠤᠳᠠᠯ ᠢ ᠰᠢᠶᠳᠪᠦᠷᠢᠯᠡᠵᠦ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠮᠠᠨ ᠤ ᠲᠢᠩᠬᠢᠮ ᠬᠤᠶᠠᠷ ᠵᠢᠯ ᠤᠨ ᠴᠠᠭ ᠢ ᠬᠡᠷᠡᠭᠰᠡᠵᠦ᠂ ᠲᠡᠭᠦᠯᠳᠡᠷᠵᠢᠭᠦᠯᠬᠦ᠂ ᠲᠣᠬᠢᠷᠠᠭᠤᠯᠬᠤ᠂ ᠡᠮᠬᠢᠯᠡᠨ ᠨᠡᠶᠢᠯᠡᠭᠦᠯᠬᠦ᠂ ᠬᠦᠴᠦᠨ ᠥᠬᠡᠶ ᠪᠣᠯᠭᠠᠬᠤ ᠵᠢᠴᠢ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠪᠠᠶᠢᠭᠤᠯᠬᠤ ᠠᠵᠢᠯ ᠢ ᠪᠦᠯᠦᠭ ᠪᠦᠯᠦᠭ ᠬᠦᠷᠢᠶ᠎ᠡ ᠴᠠᠷᠠᠭ᠎ᠠ ᠬᠤᠪᠢᠶᠠᠨ ᠥᠷᠨᠢᠭᠦᠯᠵᠦ᠂ 《 ᠪᠠᠶᠢᠷᠢ ᠲᠣᠭᠲᠠᠭᠠᠯᠲᠠ ᠨᠢ ᠲᠣᠳᠣᠷᠬᠠᠶ᠂ ᠪᠠᠶᠢᠷᠢᠰᠢᠯ ᠨᠢ ᠵᠦᠶ ᠵᠣᠬᠢᠰᠲᠠᠶ᠂ ᠰᠠᠭᠤᠷᠢ ᠨᠢ ᠯᠠᠪᠳᠠᠭᠤᠨ ᠪᠠᠲᠤᠲᠠᠶ᠂ ᠲᠣᠭᠲᠠᠴᠠ ᠨᠢ ᠰᠢᠨ᠎ᠡ ᠶᠢ ᠡᠭᠦᠳᠬᠦ᠂ ᠪᠠᠲᠤᠯᠠᠭ᠎ᠠ  ᠨᠢ ᠬᠦᠴᠦᠲᠡᠶ 》 ᠪᠠᠶᠢᠬᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ  ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄          ᠨᠢᠭᠡ᠂ ᠭᠤᠣᠯᠳᠠᠯᠭ᠎ᠠ ᠲᠠᠢ ᠠᠵᠢᠯ        ( ᠨᠢᠭᠡ ) ᠡᠯ᠎ᠡ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠨᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ 》 ( ᠥᠪᠥᠷ ᠰᠠᠯᠠᠭ᠎ᠠ ᠲᠠᠷᠬᠠᠭᠠᠭᠰᠠᠨ 202234 ᠳ᠋ᠦ᠋ᠭᠡᠷ ᠲᠣᠭᠠᠲᠤ ) ᠪᠠ ( ᠳᠣᠷᠣᠭᠰᠢ 《 ᠬᠠᠮᠢᠶᠠᠷᠤᠯᠲᠠ ᠶᠢᠨ ᠠᠷᠭ᠎ᠠ 》 ᠭᠡᠵᠦ ᠲᠣᠪᠴᠢᠯᠠᠨ᠎ᠠ ) 《 ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠪᠠᠶᠢᠭᠤᠯᠬᠤ ᠲᠥᠰᠦᠯ 》 ( ᠳᠣᠷᠣᠭᠰᠢ 《 ᠳᠠᠬᠢᠨ ᠪᠠᠶᠢᠭᠤᠯᠬᠤ ᠲᠥᠰᠦᠯ 》 ᠭᠡᠵᠦ ᠲᠣᠪᠴᠢᠯᠠᠨ᠎ᠠ ) ( ᠳᠠᠭᠠᠯᠳᠤᠭᠤᠯᠤᠯ 1 ᠶᠢ ᠦᠵᠡ ) ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠎ᠠ᠂ ᠲᠤᠰ ᠪᠡᠶ᠎ᠡ ᠶᠢᠨ ᠪᠠᠶᠢᠭᠤᠯᠤᠯᠲᠠ ᠪᠣᠯᠤᠨ ᠠᠵᠢᠯᠯᠠᠭᠠᠨ ᠤ ᠪᠠᠶᠢᠳᠠᠯ ᠢ ᠬᠢᠨᠠᠮᠠᠭᠠᠶ ᠵᠠᠳᠠᠯᠬᠤ ᠬᠡᠷᠡᠭᠲᠡᠶ᠂ ᠪᠦᠲᠦᠭᠡᠨ ᠪᠠᠶᠢᠭᠤᠯᠤᠯᠲᠠ ᠶᠢᠨ ᠪᠠᠶᠢᠷᠢ ᠲᠣᠭᠲᠠᠭᠠᠯᠲᠠ ᠪᠠ ᠠᠴᠢ ᠬᠤᠯᠪᠣᠭᠳᠠᠯ᠂ ᠪᠦᠲᠦᠭᠡᠨ ᠪᠠᠶᠢᠭᠤᠯᠤᠯᠲᠠ ᠶᠢᠨ ᠰᠠᠭᠤᠷᠢ᠂ ᠬᠥᠭᠵᠢᠯᠲᠡ ᠶᠢᠨ ᠬᠠᠷᠠᠯᠲᠠ ᠬᠢᠭᠡᠳ ᠭᠤᠤᠯᠳᠠᠯᠭ᠎ᠠ ᠲᠠᠢ ᠡᠭᠦᠷᠭᠡ᠂ ᠭᠦᠢᠴᠡᠳᠬᠡᠬᠦ ᠬᠠᠮᠢᠶᠠᠷᠤᠯᠲᠠ᠂ ᠠᠵᠢᠯᠲᠠᠨ ᠤ ᠡᠩᠨᠡᠭᠡ᠂ ᠨᠥᠬᠦᠴᠡᠯ ᠤᠨ ᠪᠠᠲᠤᠯᠠᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠥᠭᠵᠢᠯᠲᠡ ᠶᠢ ᠳᠠᠬᠢᠨ ᠬᠢᠨᠠᠨ ᠦᠵᠡᠨ᠎ᠡ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠷᠢᠬᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ  ᠶᠢ ᠲᠦᠷᠭᠡᠳᠬᠡᠨ᠎ᠡ᠂ ᠡᠭᠦᠨ ᠤ ᠬᠠᠮᠲᠤ ᠵᠣᠬᠢᠶᠠᠨ ᠪᠠᠶᠢᠭᠤᠯᠬᠤ ᠲᠥᠰᠦᠯ ( ᠳᠠᠭᠠᠯᠳᠤᠭᠤᠯᠤᠯ ᠬᠦᠰᠦᠨᠦᠭᠲᠦ ᠪᠠᠭᠲᠠᠨ᠎ᠠ ) ᠢ ᠪᠦᠷᠢᠯᠳᠦᠭᠦᠯᠦᠨ᠎ᠡ᠂ 15 ᠮᠢᠨᠦ᠋ᠲ ᠤᠨ ppt ᠨᠣᠮ ᠬᠠᠶᠠᠯᠴᠠᠭᠠᠨ ᠤ ᠸᠢᠳᠢᠣ᠋ ᠰᠢᠩᠭᠡᠭᠡᠨ ᠦᠶᠯᠡᠳᠬᠦ  ᠃        ( ᠬᠤᠶᠠᠷ ) ᠡᠯ᠎ᠡ ᠲᠦᠰᠢᠭ ᠨᠢᠭᠡᠴᠡ ᠨᠢ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠥᠲᠥᠭᠡᠨ ᠪᠠᠶᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠢᠯᠢᠳᠡᠭᠵᠢᠭᠦᠯᠦᠨ ᠳᠠᠬᠢᠨ ᠪᠠᠶᠢᠭᠤᠯᠬᠤ  ᠶᠢᠨ ᠴᠢᠬᠤᠯᠠ ᠴᠢᠨᠠᠷ ᠢ ᠭᠦᠶᠴᠡᠳ ᠲᠠᠨᠢᠵᠤ᠂ 《 ᠬᠠᠮᠢᠶᠠᠷᠤᠯᠲᠠ ᠶᠢᠨ ᠠᠷᠭ᠎ᠠ 》 ᠪᠠ 《 ᠳᠠᠬᠢᠨ ᠪᠠᠶᠢᠭᠤᠯᠬᠤ ᠲᠥᠰᠦᠯ 》 ᠤᠨ ᠱᠠᠭᠠᠷᠳᠠᠯᠭ᠎ᠠ ᠶᠣᠰᠣᠭᠠᠷ᠂ ᠬᠠᠷᠢᠶ᠎ᠠ ᠪᠥᠬᠦᠶ ᠡᠯ᠎ᠡ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠡᠭᠦᠯᠳᠡᠷᠵᠢᠭᠦᠯᠬᠦ᠂ ᠳᠣᠭᠢᠷᠠᠭᠤᠯᠬᠤ ᠪᠠ ᠡᠮᠬᠢᠯᠡᠨ ᠨᠡᠶᠢᠯᠡᠭᠦᠯᠵᠦ᠂ ᠲᠣᠰ ᠨᠢᠭᠡᠴᠡ ᠶᠢᠨ ᠰᠢᠯᠢᠳᠡᠭᠵᠢᠭᠦᠯᠦᠨ ᠳᠠᠬᠢᠨ ᠪᠠᠶᠢᠭᠤᠯᠵᠤ ᠵᠠᠳᠠᠯᠤᠯᠲᠠ ᠬᠢᠭᠰᠡᠨ ᠮᠡᠳᠡᠭᠦᠯᠦᠯᠲᠡ ( ᠪᠣᠶ ᠪᠥᠬᠦᠶ ᠬᠦᠷᠢᠶ᠎ᠡ ᠴᠠᠷᠠᠭ᠎ᠠ ᠪᠠᠭᠲᠠᠨ᠎ᠠ ) ᠶᠢ ᠪᠦᠷᠢᠯᠳᠦᠭᠦᠯᠦᠨ᠎ᠡ  ᠃         ( ᠭᠤᠷᠪᠠ ) ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠤᠳᠠᠭᠠᠨ ᠤ ᠰᠢᠯᠢᠳᠡᠭᠵᠢᠭᠦᠯᠦᠨ ᠳᠠᠬᠢᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ  ᠤᠨ ᠡᠯ᠎ᠡ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠪᠠᠶᠢᠳᠠᠯ ᠢ ᠬᠢᠨᠠᠮᠠᠭᠠᠶ ᠡᠮᠬᠢᠯᠡᠨ ᠳᠢᠭᠯᠡᠵᠦ᠂ ᠡᠯ᠎ᠡ ᠨᠢᠭᠡᠴᠡ ᠳᠡᠭᠡᠨ ᠲᠦᠰᠢᠭᠯᠡᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠵᠤ᠂ ᠬᠢᠨᠠᠨ ᠬᠠᠷᠭᠤᠭᠤᠯᠵᠤ ᠰᠠᠶᠢᠲᠤᠷ ᠠᠳᠬᠤᠬᠤ ᠬᠡᠷᠡᠭᠲᠡᠶ  ᠃        ( ᠳᠥᠷᠪᠡ ) ᠬᠤᠶᠠᠷ ᠵᠢᠯ ᠤᠨ ᠳᠠᠬᠢᠨ ᠵᠣᠬᠢᠶᠠᠨ ᠪᠠᠶᠢᠭᠤᠯᠬᠤ ᠬᠤᠭᠤᠴᠠᠭᠠᠨ ᠳᠤ᠂ ᠡᠯ᠎ᠡ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠳ ᠲᠤᠭ᠎ᠠ ᠹᠢᠽᠢᠺ᠂ ᠬᠢᠮᠢ᠂ ᠣᠳᠣᠨ ᠣᠷᠣᠨ ᠬᠢᠭᠡᠳ ᠣᠷᠣᠨ ᠵᠠᠶ᠂ ᠳᠡᠯᠡᠬᠡᠶ ᠶᠢᠨ ᠪᠥᠮᠪᠥᠷᠴᠡᠭ ᠤᠨ ᠰᠢᠨᠵᠢᠯᠡᠬᠦ ᠤᠬᠠᠭᠠᠨ᠂ ᠣᠷᠴᠢᠨ ᠲᠣᠭᠤᠷᠢᠨ᠂ ᠠᠮᠢᠳᠤ ᠪᠣᠳᠠᠰ᠂ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠮᠡᠳᠡᠭᠡ ᠵᠠᠩᠭᠢ᠂ ᠮᠠᠲ ᠧᠷᠢᠶᠠᠯ᠂ ᠦᠢᠯᠡᠳᠬᠦ᠂ ᠢᠨᠵᠧᠨᠧᠷᠢᠩ᠂ ᠡᠨᠧᠷᠭᠢ ᠵᠡᠷᠭᠡ ᠬᠦᠷᠢᠶᠡᠨ ᠳᠤ ᠬᠠᠷᠢᠶᠠᠯᠠᠭᠳᠠᠬᠤ ᠰᠤᠳᠤᠯᠭᠠᠨ ᠤ ᠬᠦᠷᠢᠶ᠎ᠡ ᠪᠠᠨ ᠲᠣᠭᠲᠠᠭᠠᠬᠤ ᠶᠢᠨ ᠬᠠᠮᠲᠤ ᠵᠥᠪᠬᠡᠨ ᠨᠢᠭᠡ ᠤᠳᠠᠭ᠎ᠠ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠳᠤ ᠣᠷᠣᠯᠴᠠᠵᠤ᠂ ᠬᠤᠶᠠᠷ ᠵᠢᠯ ᠤᠨ ᠳᠠᠷᠠᠭ᠎ᠠ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠳᠤ ᠣᠷᠣᠯᠴᠠᠭᠰᠠᠨ ᠦᠭᠡᠶ ᠲᠤᠷᠰᠢᠯᠲᠠ ᠶᠢᠨ ᠲᠠᠰᠤᠭ ᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠢᠷᠢ ᠬᠡᠮ ᠢ ᠠᠶᠠᠨᠳᠠᠭᠠᠨ ᠬᠠᠶᠠᠭᠰᠠᠨ ᠢᠶᠠᠷ ᠦᠵᠡᠨ᠎ᠡ  ᠃        ( ᠲᠠᠪᠤ  ) ᠡᠯ᠎ᠡ ᠨᠢᠭᠡᠴᠡ ᠨᠦᠭᠦᠳ ᠰᠢᠨ᠎ᠡ ᠪᠠᠷ ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠪᠠᠷ ᠭᠤᠶᠤᠴᠢᠯᠠᠭᠰᠠᠨ ᠪᠠᠶᠪᠠᠯ᠂ 《 ᠬᠠᠮᠢᠶᠠᠷᠤᠯᠲᠠ ᠶᠢᠨ ᠠᠷᠭ᠎ᠠ 》 ᠶᠢᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠵᠣᠬᠢᠶᠠᠨ ᠪᠠᠶᠢᠭᠤᠯᠬᠤ ᠲᠥᠰᠦᠯ ᠢᠶᠠᠨ ᠮᠡᠳᠡᠭᠦᠯᠦᠨ ᠬᠦᠷᠭᠡᠵᠦ᠂ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠳᠤ ᠰᠢᠭᠤᠳ ᠣᠷᠣᠯᠴᠠᠬᠤ ᠬᠡᠷᠡᠭᠲᠡᠶ  ᠃          ᠬᠤᠶᠠᠷ᠂ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠱᠠᠭᠠᠷᠳᠠᠯᠭ᠎ᠠ          ( ᠨᠢᠭᠡ ) ᠲᠣᠰ ᠪᠦᠯᠦᠭ ᠤᠨ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ( ᠰᠢᠨ᠎ᠡ ᠪᠠᠷ ᠪᠠᠶᠢᠭᠤᠯᠬᠤ ᠪᠠᠭᠲᠠᠨ᠎ᠠ ) ᠲᠤ ᠣᠷᠣᠯᠴᠠᠵᠤ᠂ 2022 ᠣᠨ ᠤ 10 ᠳ᠋ᠤᠭᠠᠷ ᠰᠠᠷ᠎ᠠ ᠶᠢᠨ 14 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ  ᠤᠨ ᠬᠠᠮᠢᠶᠠᠷᠤᠯᠲᠠ ᠶᠢᠨ ᠰᠢᠰᠲ᠋ᠧᠮ ( ᠰᠢᠰᠲ᠋ᠧᠮ ᠤᠨ ᠰᠦᠯᠵᠢᠶᠡᠨ ᠬᠠᠶ᠋ᠢᠭ ᠵᠢᠴᠢ ᠨᠡᠭᠡᠭᠡᠬᠦ ᠴᠠᠭ ) ᠳᠤ ᠮᠡᠳᠡᠭᠡ ᠵᠠᠩᠭᠢ ᠲᠠᠭᠯᠠᠬᠤ ᠶᠢᠨ ᠬᠠᠮᠲᠤ ᠵᠣᠬᠢᠶᠠᠨ ᠪᠠᠶᠢᠭᠤᠯᠬᠤ ᠲᠥᠰᠦᠯ ᠢᠶᠠᠨ ᠲᠤᠰᠢᠶᠠᠭᠠᠷᠠᠶ  ᠃        ( ᠬᠤᠶᠠᠷ  ) ᠦᠨᠡᠯᠡᠯᠲᠡ ᠳᠤ ᠣᠷᠣᠯᠴᠠᠬᠤ ᠲᠤᠷᠰᠢᠯᠲᠠ ᠶᠢᠨ ᠲᠠᠰᠤᠭ ᠤᠨ ᠬᠠᠷᠢᠭᠤ ᠮᠠᠷᠭᠤᠯᠲᠠ ᠶᠢᠨ PPT ᠵᠢᠴᠢ ᠸᠢᠳᠢᠣ᠋ ᠶᠢ 2022 ᠣᠨ ᠤ 10 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠢᠮᠧᠯ ᠳᠤ ᠶᠠᠪᠤᠭᠤᠯᠤᠨ᠎ᠠ᠄ nmgcxzxxmk @ 163 . com  ᠃        ( ᠭᠤᠷᠪᠠ  ) ᠵᠥᠪᠬᠡᠨ ᠨᠢᠭᠡ ᠯᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠲᠦᠰᠢᠭᠯᠡᠬᠦ ᠨᠢᠭᠡᠴᠡ ᠨᠢ ᠵᠥᠪᠬᠡᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠬᠤ ᠲᠥᠰᠦᠯ  ᠢᠶᠠᠨ ᠮᠡᠳᠡᠭᠦᠯᠦᠨ ᠬᠦᠷᠭᠡᠬᠦ ᠬᠡᠷᠡᠭᠲᠡᠶ  ᠃        ( ᠳᠥᠷᠪᠡ ) 2021 ᠣᠨ ᠤ ᠦᠨᠡᠯᠡᠨ ᠵᠢᠱᠢᠭᠰᠡᠨ ᠦᠷ᠎ᠡ ᠳ᠋ᠦᠩ ᠳᠤ 《 ᠴᠡᠭᠴᠡᠯᠡᠨ ᠰᠠᠶᠢᠵᠢᠷᠠᠭᠤᠯᠬᠤ 》  ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠨᠢ ᠬᠦᠷᠢᠶ᠎ᠡ ᠴᠠᠷᠠᠭ᠎ᠠ ᠶᠣᠰᠣᠭᠠᠷ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠳᠤ ᠣᠷᠣᠯᠴᠠᠬᠤ ᠬᠡᠷᠡᠭᠲᠡᠶ  ᠃              ᠬᠠᠷᠢᠯᠴᠠᠬᠤ ᠬᠡᠯᠪᠡᠷᠢ᠄        ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠭᠦᠶᠴᠡᠳᠬᠡᠬᠦ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ᠂ 0471 - 6328556        ᠲᠥᠷᠥ ᠶᠢᠨ ᠪᠣᠳᠣᠯᠭ᠎ᠠ ᠶᠢᠨ ᠯᠠᠪᠯᠠᠯᠭ᠎ᠠ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠠᠭᠤᠷᠢ ᠰᠤᠳᠤᠯᠤᠯ ᠤᠨ ᠭᠠᠵᠠᠷ᠂ 0471 - 6328734        ᠰᠢᠰᠲ᠋ᠧᠮ ᠤᠨ ᠳᠡᠮᠵᠢᠯᠭᠡ᠄ 0471 - 6328801                                                                                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ                                                                                             2022 ᠣᠨ ᠤ 8 ᠳ᠋ᠤᠭᠠᠷ ᠰᠠᠷ᠎ᠠ ᠶᠢᠨ 23 ᠤ ᠡᠳᠦᠷ            
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号