| | ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠶᠢᠮᠠᠭ ᠬᠤᠲᠠ | ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠳᠡᠭᠡᠳᠦ ᠵᠡᠷᠭᠡ ᠶᠢᠨ ᠰᠤᠷᠭᠠᠭᠤᠯᠢ᠂ ᠬᠤᠯᠪᠣᠭᠳᠠᠯ ᠪᠦᠬᠦᠢ ᠨᠢᠭᠡᠴᠡ | ᠄ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠦᠨ᠂ ᠰᠢᠨᠵᠢᠯᠡᠬᠦ | ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ | 20192021 ᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠪᠦᠲᠦᠭᠡᠯ ᠢ ᠲᠠᠨᠢᠯᠴᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ ᠃ ᠠᠵᠢᠯᠯᠠᠭ᠎ᠠ ᠨᠢ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ | ᠴᠢᠬᠤᠯᠠᠴᠢᠯᠠᠯ ᠪᠠ ᠢᠳᠡᠪᠬᠢᠲᠡᠶ ᠬᠦᠷᠢᠶᠡᠯᠡᠯ ᠢ ᠣᠯᠵᠤ᠂ ᠨᠡᠶᠢᠲᠡ 17 ᠢᠵᠢ 90 ᠭᠠᠷᠤᠶ ᠨᠣᠮ ᠪᠢᠴᠢᠭ ᠢ ᠬᠤᠷᠢᠶᠠᠨ | ᠣᠯᠵᠠᠶ ᠃ | ᠬᠡᠯᠪᠡᠷᠢ ᠶᠢᠨ ᠬᠢᠨᠠᠨ ᠪᠠᠶᠢᠴᠠᠭᠠᠯᠲᠠ᠂ ᠲᠤᠰᠬᠠᠶ ᠮᠡᠷᠭᠡᠵᠢᠯᠲᠡᠨ ᠤ ᠬᠢᠨᠠᠨ ᠦᠨᠡᠯᠡᠯᠲᠡ ᠪᠠᠷ ᠳᠡᠮᠵᠢᠨ᠂ 《 ᠥᠪᠥᠷ | ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠴᠤᠪᠤᠷᠠᠯ ᠪᠢᠴᠢᠭ ( ᠠᠮᠢᠲᠠᠨ ᠤ ᠨᠢᠭᠤᠴᠠ ᠨᠣᠮᠧᠷ᠂ ᠤᠷᠭᠤᠮᠠᠯ ᠤᠨ ᠴᠠᠬᠢᠯᠭᠠᠨ ᠮᠡᠳᠡᠭᠡ᠂ ᠡᠷᠦᠳᠡᠰᠦ ᠶᠢᠨ ᠡᠷᠳᠡᠨᠢ ᠶᠢᠨ | ᠵᠢᠷᠤᠭ᠂ ᠡᠷᠲᠡᠨ ᠤ ᠠᠮᠢᠳᠤ ᠪᠣᠳᠠᠰ ᠤᠨ ᠵᠠᠬᠢᠳᠠᠯ ᠤᠨ ᠴᠠᠭᠠᠰᠤ ) 》 ᠵᠡᠷᠭᠡ 2019201 ᠣᠨ ᠤ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ 10 ᠰᠢᠯᠢᠳᠡᠭ ᠪᠦᠲᠦᠭᠡᠯ ( ᠨᠡᠷᠡᠰ ᠢ ᠠᠷᠤ ᠳᠤ | ᠳᠠᠭᠠᠯᠳᠤᠭᠤᠯᠪᠠ ) ᠢ ᠰᠢᠯᠭᠠᠷᠠᠭᠤᠯᠤᠨ ᠭᠠᠷᠭᠠᠪᠠ ᠃ ᠣᠳᠣ ᠡᠨᠡ 10 ᠪᠦᠲᠦᠭᠡᠯ ᠢ ᠪᠦᠬᠦ ᠨᠡᠶᠢᠭᠡᠮ ᠳᠤ ᠲᠠᠨᠢᠯᠴᠠᠭᠤᠯᠤᠨ | ᠤᠩᠰᠢᠭᠤᠯᠬᠤ ᠶᠢᠨ ᠬᠠᠮᠲᠤ᠂ ᠲᠠᠨᠢᠯᠴᠠᠭᠤᠯᠤᠭᠳᠠᠭᠰᠠᠨ ᠪᠦᠲᠦᠭᠡᠯ ᠳᠤ ᠢᠷᠠᠭᠤ ᠠᠯᠳᠠᠷ ᠤᠨ ᠦᠨᠡᠮᠯᠡᠯ ᠣᠯᠭᠤᠪᠠ ᠃ | ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠪᠦᠲᠦᠭᠡᠯ ᠤᠨ ᠢᠷᠠᠭᠤ ᠠᠯᠳᠠᠷ ᠢ | ᠭᠥᠷᠳᠡᠭᠰᠡᠨ ᠨᠢᠭᠡᠴᠢ ᠪᠠ ᠬᠤᠪᠢ ᠬᠥᠮᠦᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠣᠬᠢᠶᠠᠨ ᠪᠦᠲᠦᠭᠡᠯᠭᠡ ᠶᠢ | ᠴᠡᠴᠡᠭᠯᠡᠭᠦᠯᠦᠨ ᠬᠥᠭᠵᠢᠭᠦᠯᠬᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ | ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠃ | | ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | 2022 ᠣᠨ | ᠤ 8 ᠳ᠋ᠤᠭᠠᠷ ᠰᠠᠷ᠎ᠠ ᠶᠢᠨ 26 ᠤ ᠡᠳᠦᠷ |