ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ  ᠤᠨ ᠨᠠᠶᠢᠷ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2022/9/1
      8 ᠳ᠋ᠤᠭᠠᠷ ᠰᠠᠷ᠎ᠠ ᠶᠢᠨ 31 ᠤ ᠡᠳᠦᠷ ᠤᠨ ᠣᠷᠣᠶ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠲᠡᠭᠦᠰᠬᠦ ᠶᠣᠰᠣᠯᠠᠯ ᠵᠢᠴᠢ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ 《 ᠲᠠᠪᠤᠨ ᠨᠢᠭᠡ  ᠶᠢᠨ ᠢᠨᠵᠧᠨᠧᠷᠢᠩ 》 ᠤᠨ ᠱᠠᠩᠨᠠᠯ ᠣᠯᠭᠤᠬᠤ ᠶᠣᠰᠣᠯᠠᠯ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ  ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢᠪᠠᠲᠤ ᠲᠡᠭᠦᠰᠬᠦ ᠶᠣᠰᠣᠯᠠᠯ ᠵᠢᠴᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠲᠠᠢ ᠬᠠᠮᠲᠤ ᠲᠣᠭᠯᠠᠯᠲᠠ ᠶᠢ ᠰᠣᠨᠢᠷᠬᠠᠪᠠ  ᠃     《 ᠥᠪᠥᠷ ᠮᠣᠩᠭᠤᠯ ᠳᠤ ᠨᠢᠭᠡ ᠪᠠᠳᠠᠭ ᠮᠠᠭᠲᠠᠭᠠᠯ ᠳᠠᠭᠤᠤ ᠳᠠᠭᠤᠯᠠᠵᠤ᠂ ᠲᠠᠯ᠎ᠠ ᠨᠤᠲᠤᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠰᠣᠨᠢᠷᠬᠠᠵᠤ᠂ ᠮᠣᠷᠢ ᠳᠠᠪᠬᠢᠭᠤᠯᠤᠨ ᠲᠠ ᠪᠢᠳᠡ ᠬᠠᠮᠲᠤ ᠪᠠᠷ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠶ᠎ᠠ 》 ᠲᠡᠭᠦᠰᠬᠦ ᠶᠣᠰᠣᠯᠠᠯ 《 ᠥᠪᠥᠷ ᠮᠣᠩᠭᠤᠯ ᠤᠨ ᠮᠠᠭᠲᠠᠭᠠᠯ ᠳᠠᠭᠤᠤ 》 ᠶᠢᠨ ᠳᠤᠮᠳᠠ ᠡᠬᠢᠯᠡᠪᠡ  ᠃ ᠳᠠᠷᠠᠭ᠎ᠠ ᠨᠢ᠂ 《 ᠤᠷᠲᠤ ᠴᠠᠭᠠᠨ ᠬᠡᠷᠡᠮ ᠤᠨ ᠳᠠᠭᠤᠤ 》᠂ 《 ᠥᠯᠵᠡᠶ ᠪᠡᠯᠭᠡᠲᠦ ᠳᠥᠷᠪᠡᠨ ᠤᠯᠠᠷᠢᠯ 》᠂ ᠪᠥᠵᠢᠭ 《 ᠳᠠᠭᠤᠷᠢᠯᠢᠭ ᠬᠥᠮᠦᠨ 》᠂ ᠱᠠᠨ ᠰᠢ ᠵᠦᠴᠦᠭᠡ 《 ᠦᠬᠠᠨ ᠤ ᠬᠦᠯᠢᠰ 》 ᠵᠡᠷᠭᠡ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠭᠠᠷᠪᠠ  ᠃ ᠤᠯᠠᠭᠠᠨᠲᠤᠶᠠᠭ᠎ᠠ ᠶᠢᠨ ᠠᠪᠴᠢᠷᠠᠭᠰᠠᠨ 《 ᠲᠠᠨ ᠢ ᠪᠠᠨ ᠵᠢᠷᠤᠶ᠎ᠠ 》 ᠭᠡᠰᠡᠨ ᠳᠠᠭᠤᠤ ᠨᠢ ᠡᠪᠯᠢᠭ ᠰᠠᠶᠢᠬᠠᠨ ᠪᠠᠶᠢᠵᠤ ᠂ ᠡᠮᠡᠭᠲᠡᠢ ᠬᠠᠩᠭᠢᠨᠠᠮ᠎ᠠ ᠬᠤᠭᠤᠯᠠᠢ ᠶᠢᠨ ᠳᠠᠭᠤᠴᠢᠨ ᠠᠯᠲᠠᠨ ᠴᠡᠴᠡᠭ 《 ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ 》 ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠵᠤ᠂ ᠳᠠᠭᠤᠴᠢᠨ ᠶᠦᠨ ᠹᠸᠢ ᠶᠢᠨ ᠳᠠᠭᠤᠯᠠᠭᠰᠠᠨ 《 ᠬᠦᠰᠡᠯ ᠨᠠᠶᠢᠳᠠᠯᠭ᠎ᠠ 》 ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠬᠦ ᠠᠤᠭ᠎ᠠ ᠵᠣᠷᠢᠭ ᠢ ᠢᠯᠡᠳᠬᠡᠵᠡᠢ  ᠃       ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ 《 ᠲᠠᠪᠤᠨ ᠨᠢᠭᠡ ᠶᠢᠨ ᠢᠨᠵᠧᠨᠧᠷᠢᠩ 》 ᠤᠨ ᠱᠠᠩᠨᠠᠯ ᠣᠯᠭᠤᠬᠤ ᠶᠣᠰᠣᠯᠠᠯ ᠶᠠᠪᠤᠭᠳᠠᠪᠠ᠂ 《 ᠮᠣᠷᠢᠲᠤ ᠴᠡᠷᠢᠭ 》 ᠵᠡᠷᠭᠡ 11 ᠰᠢ ᠵᠦᠴᠦᠭᠡ᠂ 《 ᠰᠠᠬᠢᠨ ᠪᠠᠷᠠᠯᠠᠵᠤ ᠬᠠᠷᠢᠯᠴᠠᠨ ᠰᠠᠨᠠᠭᠠᠯᠵᠠᠬᠤ ᠮᠣᠳᠣ 》 ᠵᠡᠷᠭᠡ 6 ᠺᠢᠨᠣ᠋᠂ 《 ᠤᠷᠲᠤ ᠴᠠᠭᠠᠨ ᠬᠡᠷᠡᠮ 》 ᠵᠡᠷᠭᠡ 11 ᠲᠧᠯᠸᠢᠰ ᠵᠦᠴᠦᠭᠡ ( ᠲᠧᠯᠸᠢᠰ ᠨᠡᠪᠲᠡᠷᠡᠭᠦᠯᠭᠡ )᠂ ᠪᠠᠷᠢᠮᠲᠠᠲᠤ ᠺᠢᠨᠣ᠋ )᠂ 《 ᠥᠨᠢᠳᠡ ᠶᠢᠨ ᠮᠥᠷᠥᠭᠡᠳᠦᠯ 》 ᠵᠡᠷᠭᠡ 8 ᠷᠠᠳᠢᠣ᠋ ᠵᠦᠴᠦᠭᠡ᠂ 《 ᠥᠯᠵᠡᠶᠢᠲᠦ ᠳᠥᠷᠪᠡᠨ ᠤᠯᠠᠷᠢᠯ 》 ᠵᠡᠷᠭᠡ 13 ᠳᠠᠭᠤᠤ᠂ 《 ᠷᠣᠮᠠᠨᠲ᠋ᠢᠭ ᠲᠠᠯ᠎ᠠ ᠨᠤᠲᠤᠭ 》 ᠵᠡᠷᠭᠡ 10 ᠪᠥᠵᠢᠭ ᠵᠢᠴᠢ 《 ᠶᠤᠸᠠᠨ ᠯᠦᠩ ᠫᠢᠩ ᠬᠢᠭᠡᠳ ᠬᠢᠩᠭᠠᠨ ᠲᠤᠲᠤᠷᠭ᠎ᠠ 》 ᠵᠡᠷᠭᠡ 17 ᠨᠣᠮ 《 ᠰᠢᠯᠢᠳᠡᠭ ᠪᠦᠲᠦᠭᠡᠯ ᠤᠨ ᠱᠠᠩᠨᠠᠯ 》 ᠭᠥᠷᠳᠡᠪᠡ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠷᠳᠣᠰ ᠬᠤᠲᠠ ᠶᠢᠨ ᠨᠠᠮ  ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ 3 ᠠᠶᠢᠮᠠᠭ ᠬᠤᠲᠠ 《 ᠵᠣᠬᠢᠶᠠᠨ ᠪᠠᠶᠢᠭᠤᠯᠬᠤ ᠠᠵᠢᠯ ᠤᠨ ᠱᠠᠩᠨᠠᠯ 》 ᠭᠥᠷᠳᠡᠪᠡ  ᠃       ᠲᠡᠭᠦᠰᠬᠦ ᠶᠣᠰᠣᠯᠠᠯ ᠨᠢ ᠪᠠᠰᠠ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠶᠢᠳᠠ ᠰᠠᠶᠢᠬᠠᠨ ᠬᠤᠷᠣᠮ ᠢ ᠣᠬᠤᠷ ᠹᠢᠯᠢᠮ ᠤᠨ ᠬᠡᠯᠪᠡᠷᠢ ᠪᠠᠷ ᠡᠷᠭᠢᠴᠡᠭᠦᠯᠵᠡᠶ︔ ᠭᠤᠶᠤ ᠯᠠᠶᠢᠰᠧᠷ ᠤᠨ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢ ᠣᠯᠪᠠ︔ 《 ᠰᠡᠳᠬᠢᠯ ᠵᠢᠷᠦᠬᠡ ᠪᠠᠨ ᠬᠤᠯᠪᠣᠨ ᠭᠠᠷ ᠭᠠᠷ ᠢᠶᠠᠨ ᠬᠤᠯᠪᠣᠵᠤ᠂ ᠲᠦᠮᠡᠨ ᠭᠠᠵᠠᠷ ᠤᠨ ᠬᠤᠯᠠ ᠠᠴᠠ ᠲᠩᠷᠢ ᠶᠢᠨ ᠬᠠᠶᠠᠭ᠎ᠠ  ᠲᠠᠢ ᠬᠠᠮᠲᠤ ᠠᠶᠠᠯᠠᠵᠤ᠂ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠦᠩᠭᠡ ᠢᠯᠭᠠᠷᠠᠨ ᠮᠢᠷᠠᠯᠵᠠᠨ᠎ᠠ 》 ᠲᠡᠭᠦᠰᠬᠦ ᠶᠣᠰᠣᠯᠠᠯ ᠨᠢ 《 ᠡᠶᠡᠪᠡᠷᠭᠦᠦ ᠰᠠᠯᠬᠢᠨ ᠳᠤ ᠥᠨᠢᠷ ᠴᠡᠴᠡᠭ ᠮᠢᠷᠠᠯᠵᠠᠨ ᠳᠡᠯᠭᠡᠷᠡᠬᠦᠶ᠎ᠡ 》 ᠭᠡᠬᠦ ᠳᠠᠭᠤᠤ ᠶᠢᠨ ᠳᠤᠮᠳᠠ ᠥᠨᠳᠥᠷᠯᠡᠪᠡ  ᠃       ᠤᠮᠠᠷᠠᠲᠤ ᠬᠢᠯᠢ ᠶᠢ ᠭᠡᠶᠢᠭᠦᠯᠵᠦ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ  ᠃ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ  ᠶᠢᠨ ᠴᠠᠭ ᠦᠶ᠎ᠡ ᠶᠢᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠲᠤᠤᠱᠯᠠᠭᠤᠯᠵᠤ᠂ 《 ᠤᠷᠠᠯᠢᠭ  ᠤᠨ ᠦᠪᠡᠳᠡᠭᠰᠢ ᠬᠤᠷᠠᠯ᠂ ᠠᠷᠠᠳ ᠲᠦᠮᠡᠨ ᠤ ᠪᠠᠶᠠᠷ ᠤᠨ ᠡᠳᠦᠷ 》 ᠤᠨ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠵᠤ᠂ 33 ᠡᠳᠦᠷ ᠶᠠᠪᠤᠭᠳᠠᠵᠤ᠂ ᠨᠡᠶᠢᠲᠡ 6 ᠶᠡᠭᠡ ᠬᠠᠪᠲᠠᠭᠠᠶ ᠬᠡᠰᠡᠭ ᠤᠨ 24 ᠵᠦᠶᠯ ᠤᠨ ᠠᠵᠢᠯᠯᠠᠭ᠎ᠠ  ᠶᠢ ᠲᠣᠬᠢᠷᠠᠭᠤᠯᠵᠤ᠂ ᠨᠡᠶᠢᠲᠡ 38 ᠲᠠᠯᠠᠪᠠᠶ ᠲᠣᠭᠯᠠᠯᠲᠠ ᠭᠠᠷᠭᠠᠵᠤ᠂ ᠲᠤᠬᠠᠶ ᠶᠢᠨ ᠲᠠᠯᠠᠪᠠᠶ ᠳᠤ ᠦᠵᠡᠭᠰᠡᠨ ᠬᠥᠮᠦᠨ ᠤ ᠲᠤᠭ᠎ᠠ ᠨᠢ 14000 ᠰᠢᠬᠠᠮ ᠬᠥᠮᠦᠨ ᠤᠳᠠᠭ᠎ᠠ ᠳᠤ ᠬᠦᠷᠴᠦ᠂ ᠥᠷᠭᠡᠨ ᠣᠯᠠᠨ ᠲᠦᠮᠡᠨ ᠢ ᠤᠷᠠᠯᠢᠭ  ᠤᠨ ᠣᠷᠳᠣᠨ ᠳᠤ ᠵᠤᠭᠠᠴᠠᠨ ᠲᠣᠭᠤᠷᠢᠵᠤ᠂ ᠪᠢᠷ ᠪᠡᠭᠡ᠂ ᠲᠠᠶᠢᠰᠠ᠂ ᠳᠦᠷᠰᠦ ᠰᠢᠩᠭᠡᠭᠡᠯᠲᠡ᠂ ᠬᠥᠭᠵᠢᠮ ᠤᠨ ᠳᠤᠮᠳᠠ ᠬᠠᠷᠠᠭ᠎ᠠ ᠰᠣᠨᠣᠷ ᠤᠨ ᠦᠪᠡᠳᠡᠭᠰᠢ ᠨᠠᠶᠢᠷ ᠢ ᠡᠳ᠋ᠯᠡᠭᠦᠯᠵᠦ᠂ ᠴᠠᠭ ᠦᠶ᠎ᠡ ᠶᠢᠨ ᠰᠤᠳᠠᠰᠤ ᠶᠢ ᠮᠡᠳᠡᠷᠡᠭᠦᠯᠵᠦ᠂ ᠨᠢᠭᠡ ᠤᠳᠠᠭᠠᠨ ᠤ ᠭᠤᠤᠯ ᠰᠡᠳᠦᠪ ᠲᠣᠪᠣᠶᠢᠮ᠎ᠠ᠂ ᠰᠣᠳᠣᠨ ᠪᠦᠲᠦᠭᠡᠯ ᠪᠠᠶᠠᠯᠢᠭ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号