ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠯᠢ ᠪᠢᠩ ᠷᠦᠩ ᠮᠠ ᠰᠢᠤᠸᠠᠢ ᠵᠢᠶᠦ᠋ᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/9/1
     8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ 《 ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ 》 ᠲᠤᠰᠬᠠᠶ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ  ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠭᠢᠯᠡᠪᠡ  ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠥᠪᠯᠡᠯ ᠤᠨ ᠬᠠᠷᠢᠭᠤᠴᠠᠯᠭᠠᠲᠠᠨ ᠵᠥᠪᠯᠡᠬᠦ ᠰᠡᠳᠦᠪ ᠢ ᠪᠠᠶᠢᠴᠠᠭᠠᠨ ᠰᠤᠳᠤᠯᠤᠭᠰᠠᠨ ᠪᠠᠶᠢᠳᠠᠯ ᠤᠨ ᠲᠣᠳᠣᠷᠬᠠᠶᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠲᠢᠩᠬᠢᠮ ᠲᠣᠪᠴᠢᠶ᠎ᠠ ᠶᠢᠨ 3 ᠬᠠᠷᠢᠭᠤᠴᠠᠯᠭᠠᠲᠠᠨ ᠵᠥᠪᠯᠡᠬᠦ ᠰᠡᠳᠦᠪ ᠤᠨ ᠲᠣᠭᠤᠷᠢᠨ ᠳᠤ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠪᠣᠯᠤᠨ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠤ ᠲᠥᠯᠥᠭᠡᠯᠡᠭᠴᠢ ᠲᠤᠰᠬᠠᠶ ᠰᠡᠳᠦᠪ ᠢᠶᠠᠷ ᠶᠠᠷᠢᠶ᠎ᠠ ᠲᠠᠯᠪᠢᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ  ᠃       ᠬᠤᠷᠠᠯ ᠠᠴᠠ ᠦᠵᠡᠭᠰᠡᠨ ᠨᠢ᠂ ᠣᠶᠢᠷ᠎ᠠ ᠶᠢᠨ ᠵᠢᠯ ᠤᠳ ᠲᠤ ᠮᠠᠨ ᠤ ᠣᠷᠣᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠰᠢᠯᠢᠳᠡᠭᠵᠢᠭᠦᠯᠦᠨ᠂ ᠮᠠᠨ ᠤ ᠣᠷᠣᠨ ᠤ ᠦᠷ᠎ᠡ ᠶᠢᠨ ᠦᠶᠯᠡᠰ ᠤᠨ ᠬᠥᠭᠵᠢᠯᠲᠡ ᠶᠢᠨ ᠰᠢᠰᠲ᠋ᠧᠮᠵᠢ ᠲᠠᠰᠤᠷᠠᠯᠲᠠ ᠥᠬᠡᠶ ᠪᠦᠷᠢᠨᠰᠢᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠥᠬᠡᠶ ᠴᠢᠩᠭᠠᠷᠠᠬᠤ ᠶᠢ ᠠᠬᠢᠭᠤᠯᠤᠭᠰᠠᠨ ᠪᠣᠯᠪᠠᠴᠤ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠮᠥᠨ ᠬᠦ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠵᠠᠷᠢᠮ ᠳᠤᠲᠠᠭᠤᠳᠠᠯ ᠪᠠ ᠠᠰᠠᠭᠤᠳᠠᠯ ᠣᠷᠣᠰᠢᠵᠤ ᠪᠠᠶᠢᠨ᠎ᠠ  ᠃ ᠭᠡᠰᠢᠭᠦᠳ᠂ ᠶᠡᠷᠦᠩᠬᠡᠶ ᠱᠦᠵᠢ ᠰᠢ ᠶᠢᠨ ᠫᠢᠩ ᠤᠨ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠡᠷᠴᠢᠮ  ᠢᠶᠠᠨ ᠴᠢᠩᠭᠠᠷᠠᠭᠤᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠰᠠᠶᠢᠲᠤᠷ ᠬᠢᠵᠦ᠂ ᠦᠷ᠎ᠡ ᠪᠣᠶᠢᠵᠢᠭᠤᠯᠵᠤ ᠰᠢᠨ᠎ᠡ ᠶᠢ ᠡᠭᠦᠳᠬᠦ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠬᠦᠴᠦᠯᠡᠨ ᠵᠣᠬᠢᠶᠠᠨ ᠪᠠᠶᠢᠭᠤᠯᠵᠤ᠂ ᠦᠷ᠎ᠡ ᠶᠢᠨ ᠦᠶᠯᠡᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠶᠢᠨ ᠦᠶᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠮᠠᠨ ᠤ ᠣᠷᠣᠨ ᠤ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠰᠠᠨᠠᠭᠤᠯᠪᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号