ᠮᠠᠨ ᠤ ᠣᠷᠣᠨ ᠪᠠᠷᠢᠮᠵᠢᠶᠠᠵᠢᠭᠰᠠᠨ ᠬᠥᠭᠵᠢᠯᠲᠡ ᠶᠢᠨ 《 ᠵᠠᠮ ᠤᠨ ᠵᠢᠷᠤᠭ 》 ᠢ ᠬᠤᠪᠢᠶᠠᠷᠢᠯᠠᠨ ᠲᠣᠭᠲᠠᠭᠠᠪᠠ
ᠨᠡᠶᠢᠲᠡᠯᠡᠭᠰᠡᠨ ᠴᠠᠭ᠄
2022/9/1
    8 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠣᠷᠣᠨ ᠤ ᠪᠠᠷᠢᠮᠵᠢᠶᠠᠵᠢᠭᠤᠯᠬᠤ ᠪᠠ ᠤᠷᠲᠤᠪᠲᠤᠷ ᠬᠤᠭᠤᠴᠠᠭᠠᠨ ᠤ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ 《 〈 ᠤᠯᠤᠰ ᠤᠨ ᠪᠠᠷᠢᠮᠵᠢᠶᠠᠵᠢᠭᠤᠯᠬᠤ ᠬᠥᠭᠵᠢᠯᠲᠡ ᠶᠢᠨ ᠬᠥᠲᠥᠯᠪᠦᠷᠢ 〉 ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ 》 ( ᠳᠣᠷᠣᠭᠰᠢ 《 ᠬᠡᠷᠡᠭᠵᠢᠭᠦᠯᠬᠦ ᠲᠥᠰᠦᠯ 》 ᠭᠡᠵᠦ ᠲᠣᠪᠴᠢᠯᠠᠨ᠎ᠠ ) ᠪᠣᠯᠤᠭᠰᠠᠨ ᠤ ᠬᠤᠪᠢ ᠳᠤ ᠵᠢᠩᠬᠢᠨᠢ ᠪᠠᠷ ᠨᠡᠶᠢᠲᠡᠯᠡᠪᠡ  ᠃ 《 ᠬᠡᠷᠡᠭᠵᠢᠭᠦᠯᠬᠦ ᠲᠥᠰᠦᠯ 》 ᠤᠨ ᠪᠥᠬᠦ ᠠᠭᠤᠯᠭ᠎ᠠ ᠨᠢ ᠨᠡᠶᠢᠲᠡ 10 ᠬᠡᠰᠡᠭ 27 ᠵᠦᠶᠯ ᠪᠠᠶᠢᠵᠤ᠂ ᠨᠡᠶᠢᠲᠡᠯᠡᠭᠳᠡᠭᠰᠡᠨ ᠠᠬᠤᠶ ᠪᠠᠶᠢᠳᠠᠯ᠂ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠭᠰᠠᠨ᠂ ᠭᠤᠷᠪᠠᠨ ᠶᠡᠭᠡ ᠬᠡᠰᠡᠭ ᠢ ᠬᠠᠮᠤᠷᠤᠭᠰᠠᠨ ᠵᠡᠷᠭᠡ ᠲᠠᠯ᠎ᠠ ᠠᠴᠠ ᠴᠥᠮ ᠨᠠᠷᠢᠨ ᠲᠠᠶᠢᠯᠪᠤᠷᠢᠯᠠᠪᠠ  ᠃      ᠲᠠᠨᠢᠯᠴᠠᠭᠤᠯᠤᠭᠰᠠᠨ ᠢᠶᠠᠷ᠂ 《 ᠬᠡᠷᠡᠭᠵᠢᠭᠦᠯᠬᠦ ᠲᠥᠰᠦᠯ 》 ᠳᠤ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠬᠤ ᠶᠢ ᠪᠠᠷᠢᠮᠲᠠᠯᠠᠵᠤ᠂ ᠨᠢᠭᠡ ᠲᠠᠯ᠎ᠠ ᠪᠠᠷ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠤᠤᠯ ᠪᠣᠯᠬᠤ ᠬᠡᠮᠵᠢᠶᠡᠵᠢᠭᠦᠯᠦᠭᠰᠡᠨ ᠭᠦᠶᠴᠡᠳᠬᠡᠯ ᠲᠤᠭ᠎ᠠ ᠶᠢ ᠲᠣᠭᠲᠠᠭᠠᠬᠤ ᠳᠠᠭᠠᠨ ᠤᠯᠤᠰ ᠤᠨ ᠳᠣᠲᠣᠭᠠᠳᠤ ᠶᠢᠨ ᠲᠦᠷᠦᠭᠦᠦ ᠬᠤᠭᠤᠴᠠᠭᠠᠨ ᠤ ᠬᠢ ᠲᠠᠢ ᠪᠠᠨ ᠬᠠᠷᠢᠴᠠᠭᠤᠯᠪᠠ︔ ᠨᠥᠭᠦᠭᠡ ᠲᠠᠯ᠎ᠠ ᠪᠠᠷ ᠮᠠᠨ ᠤ ᠣᠷᠣᠨ ᠤ ᠳᠠᠪᠠᠭᠤᠯᠢᠭ ᠪᠦᠬᠦᠢ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠦᠢᠯᠡᠳᠴᠦ ᠬᠡᠷᠡᠭᠯᠡᠬᠦ ᠶᠢ ᠲᠦᠷᠭᠡᠳᠬᠡᠨ᠎ᠡ  ᠃ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠡᠷᠭᠡ ᠪᠠᠷᠢᠮᠵᠢᠶ᠎ᠠ ᠶᠢ ᠰᠤᠳᠤᠯᠤᠨ ᠦᠢᠯᠡᠳᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ  ᠃ ᠮᠠᠨ  ᠤ ᠣᠷᠣᠨ ᠤ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ᠂ ᠠᠵᠢᠯ ᠲᠥᠷᠥᠯ ᠤᠨ ᠰᠠᠯᠠᠭ᠎ᠠ ᠮᠥᠴᠢᠷ ᠢᠶᠠᠷ ᠭᠤᠤᠯ ᠴᠣᠭᠴᠠ ᠪᠣᠯᠭᠠᠭᠰᠠᠨ ᠴᠢᠬᠤᠯᠠ ᠪᠠᠷᠢᠮᠵᠢᠶ᠎ᠠ ᠶᠢᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠷᠢᠮᠵᠢᠶ᠎ᠠ ᠶᠢᠨ ᠶᠠᠰᠤ ᠴᠢᠨᠠᠷ ᠪᠠ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ ᠶᠢ ᠥᠷᠨᠢᠭᠦᠯᠦᠨ᠂ ᠠᠵᠤ ᠠᠬᠤᠶᠢᠯᠠᠯ ᠤᠨ ᠪᠠᠷᠢᠮᠵᠢᠶ᠎ᠠ ᠶᠢᠨ 《 ᠳᠠᠭᠠᠭᠤᠯᠤᠭᠴᠢ 》 ᠶᠢᠨ ᠲᠦᠷᠢᠮ ᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢᠨ ᠰᠢᠯᠭᠠᠨ ᠭᠡᠷᠡᠴᠢᠯᠡᠬᠦ ᠴᠢᠬ ᠵᠡᠷᠭᠡ ᠶᠢ ᠪᠠᠶᠢᠭᠤᠯᠤᠨ᠎ᠠ ᠭᠡᠵᠦ ᠳᠤᠷᠠᠳᠤᠨ᠎ᠠ  ᠃     《 ᠬᠡᠷᠡᠭᠵᠢᠭᠦᠯᠬᠦ ᠲᠥᠰᠦᠯ 》 ᠨᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠤᠷᠪᠠᠨ ᠬᠡᠰᠡᠭ ᠢ ᠬᠠᠮᠤᠷᠪᠠ  ᠃ ᠡᠭᠦᠨ ᠳᠤ ᠲᠣᠭᠲᠠᠭᠠᠭᠰᠠᠨ ( ᠵᠠᠰᠠᠪᠤᠷᠢ ᠣᠷᠣᠭᠤᠯᠤᠭᠰᠠᠨ ) ᠣᠷᠣᠨ ᠨᠤᠲᠤᠭ ᠤᠨ ᠪᠠᠷᠢᠮᠵᠢᠶ᠎ᠠ ᠨᠢ 500 ᠠᠴᠠ ᠳᠡᠭᠡᠭᠰᠢ ᠪᠠᠶᠢᠬᠤ᠂ ᠣᠯᠠᠨ ᠤᠯᠤᠰ ᠤᠨ ᠪᠠᠷᠢᠮᠵᠢᠶ᠎ᠠ᠂ ᠤᠯᠤᠰ  ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ( ᠵᠠᠰᠠᠪᠤᠷᠢ ᠣᠷᠣᠭᠤᠯᠤᠭᠰᠠᠨ ) ᠶᠢ ᠭᠤᠤᠯᠴᠢᠯᠠᠨ ᠲᠣᠭᠲᠠᠭᠠᠭᠰᠠᠨ ᠪᠤᠶᠤ ᠲᠣᠭᠲᠠᠭᠠᠬᠤ ᠳᠤ ᠣᠷᠣᠯᠴᠠᠭᠰᠠᠨ ᠨᠢ 200 ᠠᠴᠠ ᠳᠡᠭᠡᠭᠰᠢ ᠪᠠᠶᠢᠬᠤ  ᠃ ᠡᠯ᠎ᠡ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠲᠥᠷᠥᠯ ᠵᠦᠶᠯ ᠢ 100  ᠠᠴᠠ ᠳᠡᠭᠡᠭᠰᠢ ᠪᠠᠶᠢᠭᠤᠯᠵᠤ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ  ᠢ 2᠂ ᠪᠠᠷᠢᠮᠵᠢᠶᠠᠲᠤ ᠰᠢᠯᠭᠠᠨ ᠪᠠᠲᠤᠯᠠᠬᠤ ᠴᠢᠬ ᠢ 10 ᠪᠠᠶᠢᠭᠤᠯᠤᠨ᠎ᠠ  ᠃ ᠳᠠᠪᠠᠭᠤᠯᠢᠭ ᠣᠨᠴᠠᠯᠢᠠᠠᠳᠣ ᠠᠵᠤ ᠦᠶᠯᠡᠰ ᠤᠨ ᠪᠠᠷᠢᠮᠵᠢᠶ᠎ᠠ ᠶᠢᠨ ᠰᠢᠰᠲ᠋ᠧᠮᠵᠢ ᠶᠢ 100 ᠠᠴᠠ ᠳᠡᠭᠡᠭᠰᠢ ᠪᠠᠶᠢᠭᠤᠯᠵᠤ᠂ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠪᠠ ᠬᠡᠷᠡᠭᠯᠡᠭᠡᠨ ᠤ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠤᠨ ᠪᠦᠷᠢᠯᠳᠦᠭᠦᠯᠦᠭᠰᠡᠨ ᠪᠠᠷᠢᠮᠵᠢᠶᠠᠲᠤ ᠰᠤᠳᠤᠯᠭᠠᠨ ᠤ ᠦᠷ᠎ᠡ ᠪᠦᠲᠦᠭᠡᠯ ᠤᠨ ᠬᠠᠷᠢᠴᠠᠯ ᠤᠨ ᠨᠣᠷᠮ᠎ᠠ ᠶᠢ 50 % ᠠᠴᠠ ᠳᠡᠭᠡᠭᠰᠢ ᠳᠤ ᠬᠦᠷᠦᠭᠦᠯᠬᠦ ᠵᠡᠷᠭᠡ ᠶᠢ ᠪᠠᠭᠲᠠᠭᠠᠭᠰᠠᠨ ᠭᠤᠤᠯᠯᠠᠬᠤ ᠭᠦᠶᠴᠡᠳᠬᠡᠯ ᠲᠤᠭ᠎ᠠ  ᠶᠢ ᠪᠡᠶᠡᠯᠡᠭᠦᠯᠦᠨ᠎ᠡ  ᠃ 2035 ᠣᠨ ᠪᠣᠯᠬᠤ ᠳᠤ᠂ ᠪᠦᠲᠦᠴᠡ ᠨᠢ ᠰᠢᠯᠢᠳᠡᠭᠵᠢᠭᠰᠡᠨ᠂ ᠲᠡᠷᠢᠭᠦᠨ ᠤ ᠪᠥᠭᠡᠳ ᠵᠦᠶ ᠵᠣᠬᠢᠰᠲᠠᠶ᠂ ᠣᠨᠴᠠᠯᠢᠭ ᠨᠢ ᠢᠯᠡ ᠲᠣᠳᠣ ᠪᠠᠷᠢᠮᠵᠢᠶᠠᠲᠤ ᠰᠢᠰᠲ᠋ᠧᠮᠵᠢ ᠶᠢ ᠨᠠᠩ ᠪᠦᠷᠢᠨᠰᠢᠬᠦᠯᠵᠦ᠂ ᠵᠠᠬ᠎ᠠ ᠳᠡᠯᠭᠡᠭᠦᠷ  ᠢᠶᠠᠷ ᠬᠥᠳᠡᠯᠭᠡᠭᠦᠷ ᠪᠣᠯᠭᠠᠭᠰᠠᠨ᠂ ᠵᠠᠰᠠᠭ ᠤᠨ ᠣᠷᠳᠣᠨ ᠬᠥᠲᠥᠯᠦᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠤᠯ ᠪᠣᠯᠭᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠨᠡᠭᠡᠭᠡᠯᠲᠡ ᠬᠢᠵᠦ ᠠᠭᠤᠰᠤᠯᠴᠠᠭᠰᠠᠨ ᠪᠠᠷᠢᠮᠵᠢᠶᠠᠵᠢᠭᠤᠯᠤᠭᠰᠠᠨ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠦᠨ᠎ᠡ  ᠃      ᠣᠶᠢᠯᠠᠭᠠᠭᠰᠠᠨ ᠢᠶᠠᠷ᠂ 《 ᠬᠡᠷᠡᠭᠵᠢᠭᠦᠯᠬᠦ ᠲᠥᠰᠦᠯ 》 ᠨᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠪᠠ ᠪᠠᠷᠢᠮᠵᠢᠶᠠᠵᠢᠭᠤᠯᠤᠯᠲᠠ ᠶᠢᠨ ᠲᠣᠰ ᠪᠡᠶ᠎ᠡ ᠶᠢᠨ ᠠᠵᠢᠯ ᠦᠶᠯᠡᠰ ᠤᠨ ᠬᠥᠭᠵᠢᠯᠲᠡ ᠭᠡᠬᠦ ᠬᠤᠶᠠᠷ ᠲᠠᠯ᠎ᠠ ᠠᠴᠠ ᠣᠯᠠᠨ ᠵᠦᠶᠯ ᠤᠨ ᠡᠭᠦᠷᠭᠡ ᠶᠢ ᠭᠤᠤᠯᠳᠠᠯᠭ᠎ᠠ ᠲᠠᠢ ᠪᠠᠶᠢᠷᠢᠯᠠᠭᠤᠯᠪᠠ  ᠃ ᠡᠭᠦᠨ ᠤ ᠬᠠᠮᠲᠤ ᠪᠠᠷᠢᠮᠵᠢᠶᠠᠵᠢᠭᠤᠯᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠵᠠᠰᠠᠭ  ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠳᠤ ᠣᠷᠣᠭᠤᠯᠵᠤ᠂ ᠪᠠᠷᠢᠮᠵᠢᠶᠠᠵᠢᠭᠤᠯᠬᠤ ᠲᠤᠰᠬᠠᠶ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢᠨ ᠰᠢᠨ᠎ᠡ ᠶᠢ ᠡᠭᠦᠳᠦᠭᠰᠡᠨ ᠬᠤᠪᠢ ᠨᠡᠮᠡᠷᠢ ᠶᠢᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠠᠷᠢᠮᠵᠢᠶᠠᠵᠢᠭᠤᠯᠤᠭᠰᠠᠨ ᠬᠥᠭᠵᠢᠯᠲᠡ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ᠂ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ  ᠃      ᠪᠠᠷᠢᠮᠵᠢᠶ᠎ᠠ ᠪᠣᠯ ᠳᠡᠯᠡᠬᠡᠶ ᠶᠢᠨ ᠨᠡᠶᠢᠳᠡᠮ ᠬᠡᠷᠡᠭᠯᠡᠬᠦ ᠬᠡᠯᠡ  ᠃ 《 ᠬᠡᠷᠡᠭᠵᠢᠭᠦᠯᠬᠦ ᠲᠥᠰᠦᠯ 》 ᠢ ᠨᠡᠶᠢᠲᠡᠯᠡᠨ ᠬᠡᠷᠡᠭᠵᠢᠭᠦᠯᠬᠦ ᠨᠢ ᠪᠠᠷᠢᠮᠵᠢᠶᠠᠵᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠪᠠᠷᠢᠮᠵᠢᠶᠠᠵᠢᠭᠤᠯᠤᠯᠲᠠ ᠶᠢᠨ ᠵᠠᠰᠠᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠥᠨᠳᠥᠷ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号