| | ᠥᠩᠭᠡᠷᠡᠭᠰᠡᠨ ᠢᠶᠠᠨ ᠮᠡᠳᠡᠪᠡᠯ ᠰᠠᠶ᠋ᠢ ᠶᠠᠪᠤᠬᠤ ᠃ ᠲᠦᠷᠦᠭᠦᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠤᠨ 《 ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | 》 ᠢ ᠨᠡᠶᠢᠲᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠤᠯᠠᠮ | ᠨᠢᠭᠡ ᠠᠯᠬᠤᠮ ᠨᠡᠭᠡᠭᠡᠨ ᠬᠥᠭᠵᠢᠭᠦᠯᠬᠦ ᠳᠤ ᠲᠣᠬᠢᠷᠠᠭᠤᠯᠤᠯᠲᠠ ᠬᠢᠪᠠ ᠃ 6 ᠳ᠋ᠤᠭᠠᠷ ᠰᠠᠷ᠎ᠠ ᠶᠢᠨ 28 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ | ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ ᠃ | ᠬᠡᠩᠭᠡᠷᠭᠡ ᠳᠤᠤᠭᠠᠷᠴᠤ ᠠᠯᠤᠬ᠎ᠠ ᠰᠦᠬᠡ ᠪᠠᠷ ᠬᠥᠮᠦᠨ ᠢ ᠰᠡᠩᠬᠡᠷᠡᠭᠦᠯᠬᠦ ᠃ ᠡᠯ᠎ᠡ ᠭᠠᠵᠠᠷ ᠤᠨ ᠬᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ 《 ᠡᠷᠳᠡᠮᠲᠡᠨ ᠮᠡᠷᠭᠡᠳ ᠢ | ᠡᠯᠰᠡᠬᠦ ᠵᠠᠷᠯᠢᠭ 》 ᠢ ᠬᠤᠶᠢᠨ᠎ᠠ ᠬᠤᠶᠢᠨ᠎ᠠ ᠠᠴᠠ ᠨᠢ ᠨᠡᠶᠢᠲᠡᠯᠡᠵᠦ᠂ ᠨᠢᠭᠡ ᠰᠡᠳᠬᠢᠯ ᠢᠶᠠᠷ ᠰᠢᠨᠵᠢᠯᠡᠬᠦ ᠤᠬᠠᠭᠠᠨ ᠤ | ᠰᠤᠳᠤᠯᠭᠠᠨ ᠬᠢᠬᠦ ᠮᠥᠷᠲᠡᠭᠡᠨ ᠪᠠᠰᠠ ᠴᠢᠳᠠᠪᠤᠷᠢᠲᠠᠨ ᠢ ᠬᠡᠷᠡᠭᠯᠡᠬᠦ ᠴᠠᠭ ᠦᠶ᠎ᠡ ᠶᠢᠨ ᠢᠲᠡᠭᠡᠯ ᠵᠣᠷᠢᠭ ᠢ ᠢᠯᠡᠷᠡᠭᠦᠯᠪᠡ ᠃ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠨᠢ ᠰᠢᠨᠵᠢᠯᠡᠬᠦ | ᠤᠬᠠᠭᠠᠨ ᠤ ᠰᠤᠳᠤᠯᠭᠠᠨ ᠤ ᠡᠩᠨᠡᠭᠡ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠳᠤ ᠠᠰᠢᠭᠲᠠᠢ ᠪᠠᠷ ᠪᠠᠷᠠᠬᠤ ᠦᠭᠡᠢ | ᠪᠠᠰᠠ ᠠᠵᠢᠯ ᠣᠯᠭᠤᠯᠲᠠ ᠶᠢ ᠪᠠᠲᠤᠯᠠᠵᠤ ᠠᠵᠤ ᠠᠬᠤᠢ ᠶᠢ ᠲᠣᠭᠲᠠᠪᠤᠷᠢᠵᠢᠭᠤᠯᠬᠤ ᠳᠤ ᠨᠥᠬᠦᠴᠡᠯ ᠪᠦᠷᠢᠯᠳᠦᠭᠦᠯᠵᠦ | ᠥᠭᠴᠡᠢ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠦᠨᠳᠦᠰᠦ | ᠰᠤᠷᠪᠤᠯᠵᠢ ᠨᠢ ᠬᠥᠮᠦᠨ ᠳᠤ ᠪᠤᠢ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠪᠣᠯ ᠤᠯᠤᠰ | ᠦᠨᠳᠦᠰᠦᠲᠡᠨ ᠤ ᠠᠯᠤᠰ ᠭᠡᠳᠤ ᠶᠢᠨ ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ ᠮᠥᠨ ᠃ ᠰᠢᠨᠵᠢᠯᠡᠬᠦ | ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠳᠤ ᠨᠢᠭᠡ ᠲᠠᠯ᠎ᠠ ᠪᠠᠷ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠶᠡᠭᠡ ᠬᠡᠮᠵᠢᠶᠡᠨ ᠤ ᠢᠬᠢᠷ ᠰᠢᠬᠢᠷ ᠬᠡᠷᠡᠭ ᠶᠠᠪᠤᠳᠠᠯ ᠠᠴᠠ | ᠴᠢᠯᠥᠭᠡᠯᠡᠵᠦ᠂ ᠲᠡᠳᠡᠨ ᠢ ᠰᠢᠨᠵᠢᠯᠡᠬᠦ ᠤᠬᠠᠭᠠᠨ ᠤ ᠰᠤᠳᠤᠯᠭᠠᠨ ᠳᠤ ᠨᠡᠩ ᠢᠯᠡᠭᠦᠦ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠳᠤ | ᠣᠷᠣᠯᠴᠠᠭᠤᠯᠵᠤ ᠪᠣᠯᠤᠨ᠎ᠠ︔ ᠨᠥᠭᠦᠭᠡ ᠲᠠᠯ᠎ᠠ ᠪᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠳᠤ | ᠨᠠᠩ ᠣᠯᠠᠨ ᠳᠠᠪᠰᠢᠯᠲᠠ ᠶᠢᠨ ᠣᠷᠣᠨ ᠵᠠᠶ ᠪᠠ ᠬᠥᠭᠵᠢᠯᠲᠡ ᠶᠢᠨ ᠲᠣᠬᠢᠶᠠᠯ ᠬᠠᠩᠭᠠᠵᠤ᠂ ᠵᠠᠯᠠᠭᠤ ᠬᠥᠮᠦᠰ ᠲᠤ | ᠡᠷᠳᠡᠮ ᠰᠢᠨᠵᠢᠯᠡᠭᠡᠨ ᠤ ᠬᠢᠷᠢ ᠬᠡᠮ ᠲᠠᠢ ᠠᠵᠢᠯᠲᠠᠨ ᠲᠠᠢ ᠬᠠᠮᠲᠤ ᠪᠠᠷ ᠰᠢᠨᠵᠢᠯᠡᠬᠦ ᠤᠬᠠᠭᠠᠨ ᠤ ᠰᠤᠳᠤᠯᠭᠠᠨ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ | ᠵᠠᠪᠰᠢᠶᠠᠨ ᠣᠯᠭᠤᠵᠤ ᠪᠣᠯᠤᠨ᠎ᠠ ᠃ | ᠣᠳᠣᠬᠠᠨ ᠤ ᠠᠵᠢᠯ ᠣᠯᠭᠤᠯᠲᠠ ᠶᠢᠨ ᠬᠦᠨᠳᠦ ᠬᠡᠴᠡᠭᠦᠦ ᠪᠠᠶᠢᠳᠠᠯ ᠳᠣᠤᠷ᠎ᠠ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠴᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠰᠢᠨ᠎ᠡ ᠠᠷᠭ᠎ᠠ ᠵᠠᠮ ᠢ ᠬᠠᠩᠭᠠᠭᠰᠠᠨ ᠪᠠᠶᠢᠨ᠎ᠠ ᠃ ᠠᠯᠢ ᠣᠯᠠᠨ ᠠᠰᠢᠭᠲᠠᠶ ᠲᠥᠷᠥ ᠶᠢᠨ ᠪᠣᠳᠣᠯᠭ᠎ᠠ | ᠨᠡᠶᠢᠲᠡᠯᠡᠭᠳᠡᠬᠦ ᠶᠢ ᠳᠠᠭᠠᠯᠳᠤᠨ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠰᠢᠨᠵᠢᠯᠡᠬᠦ ᠤᠬᠠᠭᠠᠨ | ᠮᠡᠷᠭᠡᠵᠢᠯ ᠤᠨ ᠹᠷᠣᠨᠲ ᠲᠤ ᠣᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠪᠣᠯᠵᠠᠶ ᠃ ᠰᠢᠨᠵᠢᠯᠡᠬᠦ | ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠨᠢ ᠵᠠᠷᠢᠮ ᠲᠡᠭᠦᠰᠬᠦ ᠰᠤᠷᠤᠭᠴᠢᠳ ᠤᠨ ᠠᠵᠢᠯ | ᠮᠡᠷᠭᠡᠵᠢᠯ ᠤᠨ ᠲᠥᠯᠥᠪᠵᠢᠭᠦᠯᠭᠡ ᠵᠢᠴᠢ ᠬᠡᠯᠪᠡᠷᠢ ᠪᠠᠨ ᠬᠤᠪᠢᠷᠠᠭᠤᠯᠬᠤ ᠶᠢᠨ ᠴᠢᠬᠤᠯᠠ ᠰᠣᠩᠭᠤᠯᠲᠠ ᠪᠣᠯᠤᠭᠰᠠᠨ ᠨᠢ | ᠳᠠᠮᠵᠢᠭ ᠥᠬᠡᠶ ᠃ | ᠬᠡᠨ ᠰᠢᠨ᠎ᠡ ᠶᠢ ᠡᠭᠦᠳᠬᠦ ᠴᠢᠳᠠᠪᠤᠷᠢᠲᠠᠨ ᠲᠠᠢ ᠪᠣᠯᠪᠠᠯ ᠲᠡᠷᠡ ᠳᠠᠷᠤᠢ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯᠯᠠᠬᠤ ᠡᠷᠬᠡ ᠲᠠᠢ ᠪᠣᠯᠤᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠢ ᠃ ᠰᠢᠨᠵᠢᠯᠡᠬᠦ | ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠣᠯ ᠪᠠᠶᠢᠳᠠᠯ ᠤᠨ | ᠬᠠᠨᠳᠤᠰᠢ ᠮᠥᠨ᠂ ᠴᠢᠳᠠᠪᠤᠷᠢᠲᠠᠨ ᠤ 《 ᠤᠰᠤ ᠬᠠᠳᠠᠭᠠᠯᠠᠬᠤ ᠴᠥᠭᠦᠷᠥᠮ 》᠂ ᠰᠢᠨᠵᠢᠯᠡᠬᠦ ᠤᠬᠠᠭᠠᠨ ᠮᠡᠷᠭᠡᠵᠢᠯ | ᠤᠨ ᠰᠢᠨ᠎ᠡ ᠶᠢ ᠡᠭᠦᠳᠬᠦ 《 ᠭᠤᠯᠤᠮᠳᠠ 》 ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠠᠷᠭ᠎ᠠ ᠪᠠᠷᠢᠯ ᠮᠥᠨ᠂ | ᠪᠠᠰᠠ ᠴᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠶᠯ ᠢ ᠴᠢᠨᠠᠷ ᠰᠠᠶᠢᠲᠠᠶ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠭᠤᠭᠴᠤᠭ᠎ᠠ ᠮᠥᠨ ᠃ ᠡᠯ᠎ᠡ | ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ | ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ | ᠠᠪᠴᠤ ᠠᠵᠢᠯ ᠣᠯᠭᠤᠬᠤ ᠶᠢ ᠵᠣᠷᠢᠭᠵᠢᠭᠤᠯᠬᠤ ᠨᠢ ᠠᠵᠢᠯ ᠣᠯᠭᠤᠯᠲᠠ ᠶᠢ ᠠᠬᠢᠭᠤᠯᠬᠤ ᠬᠦᠴᠦᠲᠡᠶ ᠠᠷᠭ᠎ᠠ ᠪᠠᠷᠢᠯ | ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠲᠠᠢ | ᠵᠣᠬᠢᠴᠠᠭᠰᠠᠨ ᠲᠤᠰᠬᠠᠶᠢᠵᠢᠭᠰᠠᠨ ᠲᠤᠯᠭᠠᠭᠤᠷᠢᠯᠠᠬᠤ ᠡᠩᠨᠡᠭᠡ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ | ᠪᠠᠰᠠ ᠴᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠪᠣᠯᠤᠨ᠎ᠠ᠂ ᠡᠨᠡ ᠨᠢ | ᠨᠠᠩ ᠦᠵᠡᠰᠬᠦᠯᠡᠩᠲᠦ ᠰᠠᠶᠢᠬᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠶᠠᠯᠠᠯ ᠢ ᠨᠡᠭᠡᠭᠡᠵᠦ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ ᠃ |