ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 13 ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/9/19
     ᠬᠤᠷᠠᠯ ᠳᠡᠭᠡᠷ᠎ᠡ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ  ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ᠂ ᠠᠯᠠᠱᠠ ᠶᠢᠨ ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠠᠯᠠᠱᠠ ᠵᠡᠭᠦᠨ ᠬᠤᠰᠢᠭᠤᠨ ᠤ ᠹᠠᠩ ᠳ᠋ᠠ ᠲᠣᠰᠬᠤᠨ ᠪᠠᠯᠭᠠᠰᠤ ᠶᠢᠨ ᠪᠠᠩᠬᠢ ᠵᠡᠷᠭᠡ 13 ᠮᠥᠩᠭᠦᠨ ᠭᠦᠶᠯᠭᠡᠭᠡᠨ ᠤ ᠪᠠᠶᠢᠭᠤᠯᠤᠮᠵᠢ ᠲᠣᠰ ᠲᠣᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠪᠠᠷ ᠵᠠᠷᠴᠢᠮ ᠪᠣᠯᠭᠠᠵᠤ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠲᠣᠭᠤᠷᠢᠨ ᠳᠤ᠂ ᠠᠯᠠᠱᠠ ᠠᠶᠢᠮᠠᠭ ᠤᠨ ᠠᠵᠤ ᠦᠶᠯᠡᠰ ᠤᠨ ᠪᠦᠲᠦᠴᠡ ᠪᠠᠨ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ ᠬᠠᠷᠠᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠶᠯᠭᠡᠭᠡᠨ ᠤ ᠬᠠᠮᠲᠤᠷᠠᠯᠴᠠᠭ᠎ᠠ ᠥᠷᠨᠢᠭᠦᠯᠪᠡ  ᠃ ᠡᠭᠦᠨ ᠤ ᠬᠠᠮᠲᠤ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠲᠥᠯᠥᠭᠡᠯᠡᠨ ᠬᠠᠮᠤᠭ ᠤᠨ ᠰᠢᠨ᠎ᠡ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ ᠪᠠ ᠮᠥᠩᠭᠦᠨ ᠭᠦᠶᠯᠭᠡᠭᠡᠨ ᠤ ᠦᠶᠯᠡᠳᠬᠦᠨ ᠢ ᠨᠠᠷᠢᠨ ᠲᠠᠨᠢᠯᠴᠠᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠥᠪᠥᠷ ᠮᠣᠩᠭᠤᠯ ᠤᠨ ᠴᠧᠨ ᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠥᠯᠥᠭᠡᠯᠡᠨ ᠦᠵᠡᠭᠦᠯᠦᠯᠭᠡ ᠬᠢᠪᠠ  ᠃      ᠬᠤᠷᠠᠯ ᠠᠴᠠ ᠡᠮᠦᠨ᠎ᠡ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠳᠠᠯ ᠪᠥᠬᠦ ᠠᠶᠢᠮᠠᠭ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠠᠴᠠ ᠮᠥᠩᠭᠦᠨ ᠭᠦᠶᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠪᠠ᠂ ᠲᠡᠭᠡᠬᠦ ᠮᠥᠷᠲᠡᠭᠡᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠬᠡᠷᠡᠭᠴᠡᠭᠡ ᠶᠢᠨ ᠨᠠᠷᠢᠨ ᠳᠠᠩᠰᠠ ᠶᠢ ᠬᠠᠮᠲᠤ ᠪᠠᠷ ᠡᠳ᠋ᠯᠡᠨ᠎ᠡ᠂ ᠬᠤᠷᠠᠯ ᠳᠡᠭᠡᠷ᠎ᠡ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠥᠪᠥᠷ ᠮᠣᠩᠭᠤᠯ ᠤᠨ ᠱᠧᠩ ᠱᠢ ᠬᠢᠮᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠠᠶ ᠺᠧ ᠲᠠᠷᠢᠮᠠᠯ ᠬᠠᠮᠠᠭᠠᠯᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠶ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 7 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠬᠢᠭᠡᠳ ᠳᠤᠮᠳᠠᠳᠤ ᠤᠯᠤᠰ ᠤᠨ ᠪᠠᠩᠬᠢ ᠶᠢᠨ ᠪᠠᠶᠠᠨᠬᠤᠲᠠ ᠬᠤᠪᠢᠶᠠᠷᠢ ᠪᠠᠩᠬᠢ ᠵᠡᠷᠭᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠂ ᠲᠡᠭᠡᠬᠦ ᠮᠥᠷᠲᠡᠭᠡᠨ ᠲᠤᠬᠠᠶ ᠶᠢᠨ ᠲᠠᠯᠠᠪᠠᠢ ᠳᠤ ᠪᠡᠯᠡ ᠲᠣᠬᠢᠷᠠᠭᠤᠯᠬᠤ ᠲᠥᠰᠦᠯ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠂ ᠬᠡᠯᠡᠯᠴᠡᠭᠡᠷ ᠤᠨ ᠶᠡᠷᠦᠩᠬᠡᠶ ᠵᠣᠭᠤᠰ ᠤᠨ ᠲᠤᠭ᠎ᠠ 6700 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠬᠦ ᠳᠤ ᠮᠥᠩᠭᠦᠨ ᠭᠦᠶᠯᠭᠡᠭᠡᠨ ᠤ ᠳᠡᠮᠵᠢᠯᠭᠡ ᠬᠠᠩᠭᠠᠪᠠ  ᠃      ᠣᠷᠴᠢᠮ ᠤᠨ ᠵᠢᠯ᠂ ᠠᠯᠠᠱᠠ ᠠᠶᠢᠮᠠᠭ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ  ᠢᠶᠠᠨ ᠮᠠᠨᠳᠤᠭᠤᠯᠬᠤ 》 ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠪᠣᠶ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 24 ᠵᠤᠷᠪᠤᠰ ᠵᠡᠷᠭᠡ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠂ ᠲᠣᠰ ᠤᠳᠠᠭᠠᠨ ᠤ ᠵᠠᠰᠠᠭ ᠤᠨ ᠣᠷᠳᠣᠨ ᠮᠥᠩᠭᠦᠨ ᠭᠦᠶᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ ᠤ ᠠᠭᠤᠰᠤᠯᠴᠠᠨ ᠬᠥᠭᠵᠢᠬᠦ ᠶᠢ ᠬᠠᠶᠢᠨ ᠰᠦᠪᠡᠭᠴᠢᠯᠡᠨ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠠᠪᠰᠤᠷᠴᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠂ ᠳᠠᠷᠠᠭ᠎ᠠ ᠠᠯᠬᠤᠮ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ  ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠦᠨ᠎ᠡ᠂ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠳᠤ ᠬᠦᠴᠦᠨ ᠨᠡᠮᠡᠷᠢᠯᠡᠨ᠎ᠡ᠂ ᠠᠯᠠᠱᠠ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ  ᠃ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ  ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠶᠯᠭᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠂ 9 ᠰᠠᠷ᠎ᠠ ᠶᠢᠨ 8 ᠤ ᠡᠳᠦᠷ᠂ 《 ᠠᠯᠠᠱᠠ ᠠᠶᠢᠮᠠᠭ ᠤᠨ ᠮᠥᠩᠭᠦᠨ ᠭᠦᠶᠯᠭᠡᠭᠡᠨ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠬᠦ ᠵᠠᠰᠠᠭ ᠤᠨ ᠣᠷᠳᠣᠨ ᠮᠥᠩᠭᠦᠨ ᠭᠦᠶᠯᠭᠡᠭᠡᠨ ᠠᠵᠤ ᠠᠬᠤᠶᠢᠯᠠᠯ ᠤᠨ ᠵᠣᠯᠭᠠᠯᠴᠠᠭᠠᠨ ᠤ ᠬᠤᠷᠠᠯ 》 ᠪᠠᠶᠠᠨᠬᠤᠲᠠ ᠪᠠᠯᠭᠠᠰᠤᠨ ᠳᠤ ᠶᠠᠪᠤᠭᠳᠠᠪᠠ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠠᠩ ᠰᠢᠶᠤᠤ ᠹᠧᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠂ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠧᠨ ᠰᠢᠤᠸᠠᠢ ᠬᠤᠩ᠂ ᠠᠶᠢᠮᠠᠭ ᠤᠨ ᠰᠢᠨᠵᠢᠯᠡᠭᠡ ᠲᠧᠭᠨᠢᠭ ᠤᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠸᠧᠨ ᠯᠢᠦᠶ ᠷᠠᠳᠢᠣ᠋ ᠲᠧᠯᠸᠢᠰ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠣᠨ ᠲᠣᠪᠴᠢᠶ᠎ᠠ ᠵᠡᠷᠭᠡ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠠᠷᠢᠶᠠᠯᠠᠩ ᠤᠨ ᠬᠥᠭᠵᠢᠭᠦᠯᠦᠯᠲᠡ ᠶᠢᠨ ᠬᠤᠷᠢᠶᠠᠨ  ᠤ ᠠᠯᠠᠱᠠᠨ ᠠᠶᠢᠮᠠᠭ ᠤᠨ ᠬᠤᠪᠢᠶᠠᠷᠢ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ  ᠳᠤ ᠣᠷᠣᠯᠴᠠᠪᠠ  ᠃
 
ᠢᠷᠡᠯᠲᠡ᠄ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号