| ᠡᠮᠦᠨᠡᠬᠢ ᠬᠤᠭᠤᠴᠠᠭᠠᠨ ᠤ ᠲᠠᠨᠢᠯᠴᠠᠭᠤᠯᠭ᠎ᠠ ᠪᠠ ᠬᠢᠨᠠᠨ ᠲᠣᠭᠲᠠᠭᠠᠯᠲᠠ ᠪᠠᠷ ᠳᠡᠮᠵᠢᠨ᠂ ᠣᠶᠢᠷ᠎ᠠ ᠳᠤ᠂ | ᠥᠪᠥᠷ ᠮᠣᠩᠭᠤᠯ ᠤᠨ ᠢ ᠲᠠᠢ ᠨᠡᠭᠦᠷᠡᠰᠦ ᠪᠠᠷ ᠰᠠᠭᠤᠷᠢᠯᠠᠭᠤᠯᠤᠭᠰᠠᠨ ᠰᠢᠨ᠎ᠡ ᠮᠠᠲ᠋ᠧᠷᠢᠶᠠᠯ ᠤᠨ ᠰᠤᠳᠤᠯᠭᠠᠨ ᠤ | ᠬᠦᠷᠢᠶᠡᠯᠡᠩ ᠤᠨ ᠬᠢᠵᠠᠭᠠᠷᠲᠤ ᠺᠣᠮᠫᠠᠨᠢ ᠵᠡᠷᠭᠡ 6 ᠨᠢᠭᠡᠴᠡ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ | ᠵᠥᠪᠰᠢᠶᠡᠷᠡᠭᠳᠡᠵᠦ᠂ ᠥᠪᠥᠷ ᠮᠣᠩᠭᠤᠯ ᠤᠨ ᠮᠧᠩ ᠨᠢᠤ ᠰᠦ ᠶᠢᠨ ᠦᠶᠯᠡᠰ ( ᠪᠦᠯᠦᠭᠯᠡᠯ ) ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5 ᠨᠢᠭᠡᠴᠡ ᠥᠪᠡᠷᠲᠡᠭᠡᠨ ᠵᠠᠰᠠᠬᠤ ᠣᠷᠣᠨ ᠤ ᠲᠤᠰᠬᠠᠶᠢᠵᠢᠭᠰᠠᠨ | ᠮᠡᠷᠭᠡᠵᠢᠯ ᠤᠨ ᠰᠤᠳᠤᠯᠤᠨ ᠨᠡᠭᠡᠭᠡᠬᠦ ᠪᠠ ᠳᠤᠮᠳᠠᠳᠤ ᠤᠯᠤᠰ ᠤᠨ ᠲᠤᠷᠰᠢᠯᠲᠠ ᠶᠢᠨ ᠣᠯᠠᠨ ᠨᠡᠶᠢᠲᠡ ᠶᠢᠨ | ᠦᠶᠯᠡᠴᠢᠯᠡᠭᠡᠨ ᠤ ᠲᠠᠪᠴᠠᠩ ᠢᠶᠠᠷ ᠵᠥᠪᠰᠢᠶᠡᠷᠡᠭᠳᠡᠪᠡ ᠃ | 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠬᠦ ᠶᠢᠨ ᠲᠥᠯᠥᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠬᠤᠪᠢᠷᠠᠭᠤᠯᠵᠤ ᠬᠡᠷᠡᠭᠯᠡᠬᠦ ᠶᠢ ᠲᠦᠷᠭᠡᠳᠬᠡᠨ᠎ᠡ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠡᠷᠴᠢᠮ ᠢ ᠴᠢᠩᠭᠠᠷᠠᠭᠤᠯᠤᠨ᠎ᠠ᠂ ᠲᠠᠪᠴᠠᠩ ᠢᠶᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 《 8 ᠠᠵᠤ ᠦᠢᠯᠡᠰ ᠤᠨ ᠪᠦᠯᠦᠭᠯᠡᠯ ᠪᠣᠯᠤᠨ | 12 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ 》 ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ | ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ | ᠡᠬᠢᠯᠡᠭᠦᠯᠦᠨ᠎ᠡ᠂ ᠠᠶᠢᠮᠠᠭ ᠬᠤᠲᠠ ᠶᠢ ᠲᠦᠯᠬᠢᠨ ᠠᠬᠢᠭᠤᠯᠬᠤ᠂ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ | ᠲᠤᠰᠬᠠᠶᠢᠵᠢᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠠᠪᠰᠠᠷ ᠤᠨ ᠲᠤᠷᠰᠢᠯᠲᠠ ᠶᠢᠨ ᠣᠯᠠᠨ ᠨᠡᠶᠢᠲᠡ ᠶᠢᠨ | ᠦᠶᠯᠡᠴᠢᠯᠡᠭᠡᠨ ᠤ ᠲᠠᠪᠴᠠᠩ ᠢ ᠪᠣᠶᠢᠵᠢᠭᠤᠯᠤᠨ ᠪᠠᠶᠢᠭᠤᠯᠤᠨ᠎ᠠ᠂ ᠲᠡᠷᠡᠴᠢᠯᠡᠨ ᠬᠢᠨᠠᠨ ᠲᠣᠭᠲᠠᠭᠠᠵᠤ ᠦᠨᠡᠮᠰᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠂ ᠰᠠᠶᠢᠨ ᠦᠷ᠎ᠡ ᠪᠦᠲᠦᠮᠵᠢ ᠣᠯᠬᠤ ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠲᠤᠰᠬᠠᠶᠢᠵᠢᠭᠰᠠᠨ ᠮᠡᠷᠭᠡᠵᠢᠯ ᠢ ᠰᠤᠳᠤᠯᠤᠨ ᠨᠡᠭᠡᠭᠡᠬᠦ | ᠬᠢᠭᠡᠳ ᠵᠠᠪᠰᠠᠷ ᠤᠨ ᠲᠤᠷᠰᠢᠯᠲᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠬᠤ ᠶᠢᠨ | ᠵᠣᠷᠢᠯᠭ᠎ᠠ ᠨᠢ ᠠᠵᠤ ᠠᠬᠤᠶᠢᠯᠠᠯ ᠢ ᠳᠠᠶᠢᠴᠢᠯᠠᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠳᠡᠭᠡᠳᠦ | ᠲᠠᠰ ᠤᠨ ᠴᠢᠳᠠᠪᠤᠷᠢᠲᠠᠨ ᠤ ᠪᠦᠯᠬᠦᠮ ᠨᠡᠶᠢᠲᠡ ᠶᠢ ᠲᠥᠪᠯᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ | ᠦᠶᠯᠡᠴᠢᠯᠡᠭᠡᠨ ᠤ ᠦᠶᠯᠡᠰ ᠤᠨ ᠬᠡᠪᠴᠢᠶ᠎ᠡ᠂ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠲᠥᠪᠯᠡᠷᠡᠨ ᠬᠥᠭᠵᠢᠬᠦ ᠶᠢ | ᠠᠬᠢᠭᠤᠯᠤᠨ᠂ ᠨᠠᠩ ᠣᠯᠠᠨ ᠮᠡᠷᠭᠡᠵᠢᠯ ᠤᠨ ᠬᠦᠴᠦᠨ ᠵᠦᠶᠯ ᠢ ᠪᠣᠳᠠᠲᠤ ᠦᠶᠯᠡᠳᠪᠦᠷᠢᠯᠡᠯ ᠤᠨ ᠬᠦᠴᠦᠨ ᠪᠣᠯᠭᠠᠨ | ᠬᠤᠪᠢᠷᠠᠭᠤᠯᠬᠤ ᠶᠢ ᠠᠬᠢᠭᠤᠯᠤᠨ᠎ᠠ ᠃ |