| | ᠣᠶᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠰᠢᠨ ᠴᠠᠬᠢᠯᠭᠠᠨ ᠤ | ᠢᠨᠵᠧᠨᠧᠷᠢᠩ ᠤᠨ ᠳᠡᠭᠡᠳᠦ ᠰᠤᠷᠭᠠᠭᠤᠯᠢ ᠦᠫᠧᠶ ᠫᠷᠤᠹᠧᠰᠰᠤᠷ ᠢᠶᠠᠷ ᠴᠢᠮᠡᠭᠡ ᠬᠤᠯᠪᠣᠭᠠᠨ ᠤ ᠵᠣᠬᠢᠶᠠᠭᠴᠢ ᠪᠣᠯᠭᠠᠵᠤ | ᠂ ᠳ᠋ᠣᠺᠲ᠋ᠣᠷ ᠸᠠᠩ ᠺᠦᠶ ᠪᠠᠷ ᠨᠢᠭᠡᠳᠦᠭᠡᠷ ᠵᠣᠬᠢᠶᠠᠭᠴᠢ ᠪᠣᠯᠭᠠᠭᠰᠠᠨ 《 ᠲᠠᠭᠤᠨ ᠤ ᠳᠣᠬᠢᠶ᠎ᠠ ᠪᠠ ᠭᠦᠨᠵᠡᠭᠡᠶ | ᠰᠤᠷᠤᠯᠴᠠᠯᠭ᠎ᠠ ᠳᠤ ᠰᠠᠭᠤᠷᠢᠯᠠᠭᠰᠠᠨ ᠬᠤᠨᠢᠨ ᠤ ᠢᠳᠡᠰᠢᠯᠡᠬᠦ ᠦᠶᠯᠡ ᠠᠵᠢᠯᠯᠠᠭ᠎ᠠ ᠶᠢ ᠢᠯᠭᠠᠨ ᠲᠠᠨᠢᠬᠤ ᠪᠠ ᠲᠥᠷᠥᠯ | ᠬᠤᠪᠢᠶᠠᠬᠤ 》᠂ 《 ᠬᠤᠨᠢᠨ ᠤ ᠢᠳᠡᠰᠢᠯᠡᠬᠦ ᠲᠠᠭᠤᠨ ᠳᠤ ᠰᠠᠭᠤᠷᠢᠯᠠᠭᠰᠠᠨ ᠡᠪᠡᠰᠦ ᠪᠡᠯᠴᠢᠭᠡᠷ ᠤᠨ ᠤᠷᠭᠤᠯᠲᠠ | ᠶᠢᠨ ᠪᠠᠶᠢᠳᠠᠯ ᠢ ᠢᠯᠭᠠᠨ ᠲᠠᠨᠢᠬᠤ 》 ᠪᠠ 《 ᠢᠳᠡᠰᠢᠯᠡᠬᠦ ᠲᠠᠭᠤᠨ ᠳᠤ ᠰᠠᠭᠤᠷᠢᠯᠠᠭᠰᠠᠨ ᠬᠤᠨᠢᠨ ᠤ ᠢᠳᠡᠰᠢᠯᠡᠬᠦ | ᠬᠡᠮᠵᠢᠶ᠎ᠡ ᠶᠢᠨ ᠵᠢᠱᠢᠯᠲᠡ 》 ᠵᠡᠷᠭᠡ ᠭᠤᠷᠪᠠᠨ ᠵᠦᠶᠯ ᠤᠨ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠢ | ᠣᠯᠠᠨ ᠤᠯᠤᠰ ᠤᠨ ᠨᠠᠷᠠᠲᠤ ᠰᠡᠳᠬᠦᠯ 《 Computersand Electronicsigriculture 》 ( | ᠲᠠᠷᠢᠶᠠᠯᠠᠩ ᠤᠨ ᠺᠣᠮᠫᠢᠦ᠋ᠲ᠋ᠧᠷ ᠪᠠ ᠡᠯᠧᠺᠲᠷᠣᠨ ) ᠃ | ᠲᠤᠰ ᠰᠤᠳᠤᠯᠭᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ | ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠤᠶᠤᠨᠴᠢᠯᠠᠬᠰᠠᠨ | ᠮᠡᠷᠭᠡᠵᠢᠯ ᠤᠨ ᠲᠤᠷᠰᠢᠯᠲᠠ ᠶᠢᠨ ᠲᠠᠰᠤᠭ ᠲᠤ ᠲᠦᠰᠢᠭᠯᠡᠵᠦ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《 ᠲᠠᠯ᠎ᠠ ᠨᠤᠲᠤᠭ ᠤᠨ | ᠴᠢᠳᠠᠪᠤᠷᠢᠲᠠᠨ 》 ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠵᠡᠷᠭᠡ ᠲᠦᠷᠦᠯ ᠵᠦᠢᠯ ᠤᠨ | ᠳᠡᠮᠵᠢᠯᠭᠡ ᠶᠢ ᠣᠯᠵᠠᠢ ᠃ | ᠮᠠᠯ ᠮᠠᠯᠵᠢᠬᠤ ᠶᠠᠪᠤᠴᠠ ᠳᠤ ᠮᠠᠯ ᠰᠥᠷᠥᠭ ᠤᠨ ᠮᠠᠯ ᠰᠥᠷᠥᠭ ᠤᠨ ᠰᠤᠷᠠᠭ ᠴᠢᠮᠡᠭᠡ ᠡᠯᠪᠡᠭ᠂ ᠮᠠᠯ ᠰᠥᠷᠥᠭ | ᠤᠨ ᠢᠳᠡᠰᠢ ᠡᠷᠢᠬᠦ ᠥᠢᠯᠨ ᠠᠵᠢᠯᠯᠠᠭ᠎ᠠ ᠶᠢ ᠣᠨᠣᠪᠴᠢᠲᠠᠢ᠂ ᠴᠠᠭ ᠲᠤᠬᠠᠢ ᠳᠤ ᠨᠢ ᠲᠤᠰᠬᠠᠵᠤ ᠴᠢᠳᠠᠳᠠᠭ᠂ ᠮᠠᠯ | ᠰᠥᠷᠥᠭ ᠤᠨ ᠮᠠᠯ ᠰᠥᠷᠥᠭ ᠤᠨ ᠬᠠᠮᠢᠶᠠᠷᠤᠯᠲᠠ ᠪᠠ ᠮᠠᠯ ᠰᠥᠷᠥᠭ ᠢ ᠢᠯᠡᠷᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠃ ᠣᠳᠣᠬᠠᠨ ᠳᠤ᠂ ᠬᠡᠳᠦᠶᠢᠪᠡᠷ ᠡᠯ᠎ᠡ ᠵᠦᠶᠯ ᠤᠨ ᠪᠤᠳᠤᠬᠤ ᠠᠷᠭ᠎ᠠ ᠪᠠᠷ ᠠᠮᠢᠲᠠᠨ ᠢ ᠢᠯᠭᠠᠨ | ᠲᠠᠨᠢᠬᠤ ᠪᠠ ᠲᠥᠷᠥᠯ ᠬᠤᠪᠢᠶᠠᠬᠤ ᠢᠳᠡᠰᠢ ᠡᠷᠢᠬᠦ ᠦᠶᠯᠡ ᠠᠵᠢᠯᠯᠠᠭ᠎ᠠ ᠲᠠᠢ ᠪᠣᠯᠤᠭᠰᠠᠨ ᠪᠣᠯᠪᠠᠴᠤ ᠨᠡᠶᠢᠳᠡᠮ | ᠬᠡᠷᠡᠭᠯᠡᠭᠳᠡᠬᠦ ᠴᠢᠨᠠᠷ ᠪᠠ ᠴᠢᠳᠠᠮᠵᠢ ᠶᠢᠨ ᠴᠢᠨᠠᠷ ᠤᠨ ᠲᠠᠯ᠎ᠠ ᠪᠠᠷ ᠮᠥᠨ ᠯᠡ ᠰᠠᠶᠢᠵᠢᠷᠠᠭᠤᠯᠬᠤ ᠣᠷᠣᠨ ᠵᠠᠶ ᠲᠠᠢ | ᠪᠠᠶᠢᠨ᠎ᠠ ᠃ | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠬᠢᠨ ᠬᠤᠨᠢ ᠬᠠᠷᠢᠭᠤᠯᠬᠤ ᠳᠤ ᠵᠥᠪᠬᠡᠨ ᠢᠳᠡᠰᠢᠯᠡᠬᠦ᠂ | ᠵᠠᠵᠢᠯᠬᠤ ᠵᠡᠷᠭᠡ ᠶᠠᠪᠤᠴᠠ ᠳᠤ ᠭᠠᠷᠭᠠᠭᠰᠠᠨ ᠲᠠᠭᠤᠨ ᠤ ᠳᠣᠬᠢᠶ᠎ᠠ ᠶᠢ ᠴᠤᠭᠯᠠᠭᠤᠯᠬᠤ ᠪᠠᠷ ᠳᠠᠮᠵᠢᠭᠤᠯᠤᠨ᠂ ᠬᠤᠨᠢ | ᠮᠠᠯᠵᠢᠬᠤ ᠦᠶᠯᠡ ᠠᠵᠢᠯᠯᠠᠭ᠎ᠠ ᠶᠢᠨ ᠲᠥᠷᠥᠯ ᠬᠡᠯᠪᠡᠷᠢ᠂ ᠲᠡᠵᠢᠭᠡᠯ ᠡᠪᠡᠰᠦ ᠶᠢᠨ ᠪᠠᠶᠢᠳᠠᠯ ᠪᠠ ᠢᠳᠡᠬᠦ ᠬᠡᠮᠵᠢᠶ᠎ᠡ ᠵᠡᠷᠭᠡ | ᠮᠡᠳᠡᠭᠡ ᠵᠠᠩᠭᠢ ᠶᠢ ᠠᠭᠤᠳᠠᠯᠤᠨ ᠢᠯᠭᠠᠨ ᠲᠠᠨᠢᠵᠤ᠂ ᠬᠡᠷ ᠤᠨ ᠲᠡᠵᠢᠭᠡᠪᠦᠷᠢ ᠶᠢᠨ ᠪᠡᠯᠴᠢᠭᠡᠷ ᠢ ᠠᠰᠢᠭᠯᠠᠭᠰᠠᠨ | ᠬᠡᠮᠵᠢᠶ᠎ᠡ ᠶᠢ ᠬᠡᠮᠵᠢᠶᠡᠯᠡᠨ ᠦᠨᠡᠯᠡᠬᠦ᠂ 《 ᠬᠡᠷ ᠤᠨ ᠲᠡᠵᠢᠭᠡᠪᠦᠷᠢ ᠪᠡᠯᠴᠢᠭᠡᠷ 》 ᠤᠨ ᠬᠠᠷᠢᠴᠠᠭ᠎ᠠ ᠶᠢ ᠰᠤᠳᠤᠯᠬᠤ | ᠪᠠ ᠬᠤᠨᠢ ᠢᠮᠠᠭᠠᠨ ᠤ ᠡᠷᠡᠭᠦᠯ ᠮᠡᠨᠳᠦ ᠶᠢᠨ ᠪᠠᠶᠢᠳᠠᠯ ᠢ ᠦᠨᠡᠯᠡᠬᠦ ᠵᠡᠷᠭᠡ ᠨᠢ ᠲᠤᠶᠢᠯ ᠤᠨ ᠴᠢᠬᠤᠯᠠ ᠪᠠᠶᠢᠵᠤ᠂ | ᠥᠷᠭᠡᠨ ᠳᠡᠯᠭᠡᠷ ᠬᠡᠷᠡᠭᠯᠡᠭᠡᠨ ᠤ ᠳᠠᠯᠳᠠ ᠬᠦᠴᠦᠨ ᠲᠠᠢ ᠪᠠᠶᠢᠵᠤ᠂ ᠰᠤᠳᠤᠯᠭᠠᠨ ᠤ ᠦᠷ᠎ᠡ ᠪᠦᠲᠦᠭᠡᠯ ᠨᠢ ᠮᠠᠯ ᠠᠵᠤ | ᠠᠬᠤᠶ ᠶᠢᠨ ᠲᠣᠭᠠᠴᠢᠯᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠴᠡᠶ ᠃ |