ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠪᠥᠬᠦ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ 《 ᠲᠠᠪᠤ ᠶᠢ ᠦᠨᠳᠦᠰᠦᠨ ᠠᠴᠠ ᠨᠢ ᠥᠷᠨᠢᠭᠦᠯᠬᠦ 》 ᠠᠵᠢᠯᠯᠠᠭ᠎ᠠ ᠶᠢ ᠳᠠᠬᠢᠨ ᠰᠤᠷᠤᠯᠴᠠᠵᠤ᠂ ᠳᠠᠬᠢᠨ ᠨᠠᠶᠢᠳᠠᠪᠤᠷᠢᠵᠢᠭᠤᠯᠵᠤ᠂ ᠳᠠᠬᠢᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/27
      ᠡᠬᠢ ᠪᠠᠶᠠᠯᠢᠭ ᠢ ᠠᠷᠪᠢᠯᠠᠬᠤ ᠶᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠲᠠᠪᠤᠨ ᠶᠡᠭᠡ ᠰᠠᠭᠤᠷᠢ 》 ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠥᠬᠦ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠪᠠ ᠪᠠᠶᠢᠭᠤᠯᠤᠮᠵᠢ ᠲᠣᠭᠲᠠᠴᠠ ᠶᠢᠨ ᠬᠡᠮ ᠰᠣᠭᠤᠭ  ᠢ ᠤᠯᠠᠮ ᠨᠢᠭᠡ ᠠᠯᠬᠤᠮ ᠰᠢᠶᠳᠪᠦᠷᠢᠯᠡᠵᠦ᠂ 《 ᠲᠠᠪᠤᠨ ᠶᠡᠭᠡ ᠰᠠᠭᠤᠷᠢ 》 ᠶᠢᠨ ᠠᠵᠢᠯᠯᠠᠭ᠎ᠠ ᠶᠢᠨ ᠨᠠᠩ ᠰᠠᠶᠢᠨ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠤᠯᠬᠤ ᠶᠢ ᠠᠬᠢᠭᠤᠯᠪᠠ  ᠃ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠬᠡᠷ ᠪᠣᠯᠤᠨ ᠲᠢᠩᠬᠢᠮ ᠤᠨ ᠬᠠᠷᠢᠶ᠎ᠠ ᠨᠢᠭᠡᠴᠢ ᠶᠢᠨ ᠪᠥᠬᠦ ᠨᠥᠬᠦᠳ ᠬᠤᠷᠠᠯ ᠳᠤ ᠣᠷᠣᠯᠴᠠᠵᠠᠶ  ᠃       ᠹᠧᠩ ᠵᠢᠶᠠ ᠵᠢᠤᠢ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠡᠭᠦᠷᠭᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠷᠪᠠᠨ ᠱᠠᠭᠠᠷᠳᠠᠯᠭ᠎ᠠ ᠳᠤᠷᠠᠳᠪᠠ᠄  ᠃ᠨᠢᠭᠡ ᠳᠤ 《 ᠲᠠᠪᠤᠨ ᠶᠡᠭᠡ ᠰᠠᠭᠤᠷᠢ 》 ᠶᠢᠨ ᠴᠢᠬᠤᠯᠠ ᠠᠴᠢ ᠬᠤᠯᠪᠣᠭᠳᠠᠯ ᠪᠠ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠡᠵᠡᠮᠰᠢᠬᠦ ᠬᠡᠷᠡᠭᠲᠡᠢ  ᠃ ᠵᠥᠪᠰᠢᠶᠡᠷᠡᠬᠦ ᠴᠢᠬᠤᠯᠠᠲᠠᠢ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ 《 ᠶᠠᠰᠤ ᠰᠢᠷᠪᠥᠰᠥ ᠶᠢ ᠭᠡᠮᠲᠦᠭᠡᠵᠦ 》᠂ 《 ᠲᠤᠶᠢᠯᠪᠤᠷᠢᠲᠠᠢ ᠥᠭᠡᠷᠡᠴᠢᠯᠡᠬᠦ 》 ᠬᠡᠷᠡᠭᠲᠡᠢ︔ 《 ᠳᠤᠲᠠᠭᠤ ᠳᠣᠷᠭᠤᠨ 》 ᠢᠨᠵᠧᠨᠧᠷᠢᠩ  ᠳᠤ ᠬᠤᠷᠴᠠ ᠵᠡᠪᠰᠡᠭ ᠭᠠᠷᠭᠠᠵᠤ᠂ 《 ᠬᠠᠳᠠᠭᠠᠯᠠᠯᠲᠠ ᠪᠠᠨ ᠠᠮᠢᠳᠤᠯᠢᠭ ᠪᠣᠯᠭᠠᠬᠤ 》 ᠪᠠᠷ ᠳᠠᠮᠵᠢᠭᠤᠯᠤᠨ 《 ᠬᠥᠭᠵᠢᠯᠲᠡ ᠶᠢᠨ ᠨᠡᠮᠡᠭᠳᠡᠯ ᠢ ᠪᠡᠶᠡᠯᠡᠭᠦᠯᠦᠨ᠎ᠡ 》︔ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《 ᠠᠯᠠᠭᠠᠨ ᠴᠢᠨᠡᠭᠡᠨ ᠭᠠᠵᠠᠷ ᠢᠶᠠᠨ ᠴᠤ ᠬᠠᠶᠠᠬᠤ ᠦᠭᠡᠢ 》 ᠪᠠᠷ 《 ᠠᠯᠠᠭᠠᠨ ᠴᠢᠨᠡᠭᠡᠨ ᠭᠠᠵᠠᠷ ᠢᠶᠠᠨ ᠴᠤ ᠰᠤᠯᠠ ᠲᠠᠯᠪᠢᠬᠤ ᠦᠭᠡᠢ 》 ᠪᠠᠶᠢᠬᠤ ᠶᠢ ᠱᠠᠭᠠᠷᠳᠠᠨ᠎ᠠ︔ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠢᠶᠠᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠠᠮᠢᠳᠤᠯᠢᠭᠵᠢᠭᠤᠯᠵᠤ᠂ 《 ᠪᠡᠯᠡ ᠮᠥᠩᠭᠦ ᠪᠠᠷ ᠠᠮᠢᠯᠠᠭᠤᠯᠵᠤ 》᠂ 《 ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ 》 ᠬᠡᠷᠡᠭᠲᠡᠢ︔ ᠨᠡᠭᠡᠭᠡᠨ ᠬᠥᠭᠵᠢᠭᠦᠯᠦᠯᠲᠡ ᠶᠢᠨ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠵᠢᠭᠠᠨ ᠭᠠᠷᠭᠠᠵᠤ᠂ 《 ᠬᠦᠴᠢᠷ ᠢ ᠲᠤᠭᠤᠯᠤᠨ ᠤᠷᠤᠭᠰᠢᠯᠠᠵᠤ 》᠂ 《 ᠯᠠᠪᠳᠠᠭᠤᠨ ᠢᠶᠠᠷ ᠬᠤᠯᠠ ᠠᠶᠠᠯᠠᠬᠤ 》 ᠶᠢ ᠵᠣᠷᠢᠪᠠ  ᠃ ᠬᠤᠶᠠᠷ ᠲᠤ 《 ᠲᠠᠪᠤᠨ ᠶᠡᠭᠡ ᠡᠬᠢᠯᠡᠯᠲᠡ 》 ᠶᠢᠨ ᠠᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ  ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠴᠢᠩᠭᠠᠳᠬᠠᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠯᠡ ᠲᠣᠳᠣ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠦᠨᠡᠨᠬᠦ ᠪᠠᠳᠠᠷᠠᠭᠤᠯᠵᠤ᠂ ᠺᠠᠳ᠋ᠷ ᠤᠨ ᠡᠩᠨᠡᠭᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠦᠷᠢ ᠲᠥᠷᠬᠦ ᠶᠢ ᠱᠤᠭᠤᠬᠤ ᠬᠡᠷᠡᠭᠲᠡᠢ  ᠃ ᠭᠤᠷᠪᠠ ᠳᠤ 《 ᠲᠠᠪᠤ ᠶᠢ ᠡᠴᠦᠰ ᠲᠤᠨᠢ ᠲᠤᠯᠲᠠᠯ᠎ᠠ ᠬᠢᠬᠦ 》 ᠠᠵᠢᠯ  ᠤᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠢ ᠪᠠᠶᠢᠩᠭᠤᠵᠢᠭᠤᠯᠬᠤ ᠬᠡᠷᠡᠭᠲᠡᠢ  ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠣᠳᠣᠬᠢ ᠪᠠᠶᠢᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠤᠣᠯᠳᠠᠯᠭ᠎ᠠ ᠲᠠᠢ ᠴᠢᠭᠯᠡᠯ ᠢ ᠲᠣᠳᠣᠷᠬᠠᠶᠢᠯᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ︔ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠯᠵᠢᠯᠲᠡ ᠶᠢ ᠠᠬᠢᠭᠤᠯᠤᠨ᠎ᠠ︔ ᠦᠨᠡᠯᠡᠯᠲᠡ ᠶᠢᠨ ᠰᠢᠰᠲ᠋ᠧᠮ ᠤᠨ ᠲᠡᠭᠦᠯᠳᠡᠷᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ  ᠃        ᠰᠦᠨ ᠵᠢᠶᠦ᠋ᠨ ᠴᠢᠩ ᠡᠨᠡ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠤᠷᠪᠠᠨ ᠰᠠᠨᠠᠯ ᠳᠤᠷᠠᠳᠪᠠ᠄      ᠨᠢᠭᠡ ᠳᠤ ᠯᠠᠪᠳᠠᠭᠤᠨ ᠪᠠᠲᠤᠲᠠᠢ ᠠᠵᠢᠯᠯᠠᠬᠤ ᠵᠣᠷᠢᠭ ᠰᠠᠨᠠᠭ᠎ᠠ ᠪᠠᠷ 《 ᠲᠠᠪᠤᠨ ᠶᠡᠭᠡ ᠡᠬᠢᠯᠡᠯᠲᠡ 》 ᠶᠢᠨ ᠠᠵᠢᠯᠯᠠᠭ᠎ᠠ ᠶᠢ ᠦᠷᠭᠦᠯᠵᠢᠯᠡᠨ ᠨᠠᠷᠢᠯᠢᠭ ᠪᠣᠳᠠᠲᠠᠢ ᠬᠢᠬᠦ ᠬᠡᠷᠡᠭᠲᠡᠢ  ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ 《 ᠲᠠᠪᠤᠨ ᠶᠡᠭᠡ ᠡᠬᠢᠯᠡᠯᠲᠡ 》 ᠶᠢᠨ ᠠᠵᠢᠯᠯᠠᠭ᠎ᠠ ᠳᠤ ᠬᠤᠯᠪᠣᠭᠳᠠᠭᠰᠠᠨ ᠠᠵᠢᠯ ᠤᠨ ᠱᠠᠭᠠᠷᠳᠠᠯᠭ᠎ᠠ ᠶᠣᠰᠣᠭᠠᠷ 《 ᠰᠡᠵᠢᠭᠯᠡᠯᠲᠡᠶ 》 ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ ᠣᠷᠬᠢᠭᠳᠠᠭᠤᠯᠬᠤ ᠥᠬᠡᠶ᠂ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ︔ ᠪᠠᠰᠠ ᠲᠠᠩᠰᠠ ᠲᠤᠰᠢᠶᠠᠬᠤ ᠤᠬᠠᠮᠰᠠᠷ ᠢᠶᠠᠨ ᠪᠠᠲᠤᠳᠬᠠᠵᠤ᠂ ᠨᠢᠭᠡᠨᠲᠡ ᠪᠠᠶᠢᠴᠠᠭᠠᠨ ᠳᠡᠯᠭᠡᠭᠰᠡᠨ ᠠᠰᠠᠭᠤᠳᠠᠯ ᠢ ᠨᠢᠭᠡᠳ ᠨᠢᠭᠡ ᠪᠠᠷ ᠣᠨᠣᠪᠴᠢᠲᠠᠶ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠴᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠡᠯ᠎ᠡ ᠲᠥᠷᠥᠯ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠷᠢᠭᠤᠨ ᠴᠡᠪᠡᠷ ᠲᠤᠶᠢᠯᠪᠤᠷᠢᠲᠠᠶ ᠬᠡᠷᠡᠭᠯᠡᠬᠦ ᠬᠡᠷᠡᠭᠲᠡᠶ  ᠃ ᠬᠤᠶᠠᠷ ᠲᠤ᠂ ᠴᠢᠩᠭ᠎ᠠ ᠬᠦᠴᠦᠲᠡᠢ ᠤᠯᠤᠰ ᠲᠦᠷᠦ ᠶᠢᠨ ᠡᠭᠦᠷᠭᠡᠯᠡᠯ ᠢᠶᠠᠷ᠂ ᠲᠤᠰᠬᠠᠢ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠵᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ  ᠃ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢ ᠦᠷᠭᠦᠯᠵᠢᠯᠡᠨ ᠪᠠᠷᠢᠮᠲᠠᠯᠠᠵᠤ᠂ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠪᠠ ᠱᠠᠭᠠᠷᠳᠠᠯᠭ᠎ᠠ ᠶᠢ ᠡᠷᠡᠰ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠣᠪᠣᠷ ᠢᠶᠠᠨ ᠲᠥᠪ ᠪᠣᠯᠭᠠᠵᠤ᠂ ᠠᠰᠠᠭᠤᠳᠠᠯ ᠢ ᠪᠥᠬᠦ ᠲᠠᠯ᠎ᠠ ᠪᠠᠷ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠬᠦᠴᠦᠲᠡᠶ ᠠᠷᠭ᠎ᠠ ᠬᠡᠮᠵᠢᠶ᠎ᠡ ᠪᠠᠷ ᠲᠤᠰᠬᠠᠶ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠨ ᠪᠣᠳᠠᠲᠤ ᠦᠷ᠎ᠡ ᠪᠦᠲᠦᠮᠵᠢ ᠣᠯᠤᠨ᠎ᠠ  ᠃ ᠭᠤᠷᠪᠠ ᠳᠤ 《 ᠲᠠᠪᠤᠨ ᠶᠡᠭᠡ ᠰᠠᠭᠤᠷᠢ 》 ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠰᠠᠭᠤᠷᠢ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号