ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/9/30
    ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠰᠣᠶᠣᠯ ᠤᠨ ᠭᠧᠨ ᠢ ᠤᠬᠠᠮᠰᠠᠷ ᠠᠴᠠ ᠪᠠᠨ ᠦᠷᠭᠦᠯᠵᠢᠯᠡᠭᠦᠯᠬᠦ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠬᠦ᠂ ᠤᠯᠠᠮᠵᠢᠯᠠᠯᠲᠤ ᠰᠣᠶᠣᠯ ᠤᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠯᠢᠭ ᠲᠠᠢ ᠬᠠᠮᠲᠤᠷᠠᠨ 《 ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠤᠷᠢᠳᠤᠭᠠᠷ ᠶᠡᠭᠡ ᠬᠤᠷᠠᠯ ᠤᠨ ᠢᠷᠡᠭᠡᠳᠦᠶ ᠶᠢ ᠪᠠᠶᠠᠷᠯᠠᠨ ᠤᠭᠲᠤᠬᠤ 》 ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠮᠣᠷᠢᠨ ᠬᠤᠭᠤᠷ ᠤᠨ ᠭᠤᠤᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ 18 ᠪᠠᠭᠠᠴᠤᠳ ᠬᠡᠦᠬᠡᠳ ᠥᠪᠥᠷ ᠮᠣᠩᠭᠤᠯ ᠤᠨ ᠮᠣᠷᠢᠨ ᠬᠤᠭᠤᠷ ᠤᠨ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ ᠲᠤ ᠬᠦᠷᠴᠦ᠂ ᠥᠪᠥᠷ ᠮᠣᠩᠭᠤᠯ ᠤᠨ ᠤᠯᠠᠮᠵᠢᠯᠠᠯᠲᠤ ᠬᠥᠭᠵᠢᠮ ᠤᠨ ᠮᠣᠷᠢᠨ ᠬᠤᠭᠤᠷ ᠦᠶᠯᠡᠳᠬᠦ ᠤᠷᠠᠯᠠᠯ ᠢ ᠲᠤᠬᠠᠶ ᠶᠢᠨ ᠭᠠᠵᠠᠷ  ᠲᠤᠨᠢ ᠲᠣᠭᠤᠷᠢᠨ ᠦᠵᠡᠵᠦ ᠣᠶᠢᠯᠠᠭᠠᠨ᠂ ᠦᠨᠳᠦᠰᠦᠲᠡᠨ ᠤ ᠤᠷᠠᠯᠢᠭ ᠤᠨ ᠷᠢᠳᠢ ᠰᠢᠳᠢ ᠶᠢ  ᠃      ᠮᠣᠷᠢᠨ ᠬᠤᠭᠤᠷ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠥᠪᠥᠷ ᠮᠣᠩᠭᠤᠯ ᠤᠨ ᠮᠣᠷᠢᠨ ᠬᠤᠭᠤᠷ ᠤᠨ ᠨᠡᠶᠢᠭᠡᠮᠯᠢᠭ ᠤᠨ ᠭᠡᠰᠢᠭᠦᠨ᠂ ᠵᠠᠯᠠᠭᠤ ᠮᠣᠷᠢᠨ ᠬᠤᠭᠤᠷ ᠤᠨ ᠬᠥᠭᠵᠢᠮᠴᠢᠨ ᠲᠤᠯᠭᠠᠭᠤᠷᠢ ᠪᠠᠭᠰᠢ ᠵᠠᠯᠠᠭᠤᠴᠤᠳ ᠪᠠᠭᠠᠴᠤᠳ ᠵᠢᠴᠢ ᠭᠡᠷ ᠤᠨ ᠠᠬᠠᠮᠠᠳ ᠢ ᠳᠠᠭᠠᠭᠤᠯᠤᠨ ᠮᠣᠷᠢᠨ ᠬᠤᠭᠤᠷ ᠦᠶᠯᠡᠳᠬᠦ ᠤᠷ᠎ᠠ ᠮᠡᠷᠭᠡᠵᠢᠯ ᠤᠨ ᠦᠵᠡᠭᠦᠯᠭᠡ ᠶᠢᠨ ᠣᠷᠳᠣᠨ ᠢ ᠲᠣᠭᠤᠷᠢᠨ ᠦᠵᠡᠪᠡ  ᠃ ᠲᠤᠯᠭᠠᠭᠤᠷᠢ ᠪᠠᠭᠰᠢ ᠨᠢ ᠵᠠᠯᠠᠭᠤᠴᠤᠳ ᠪᠠᠭᠠᠴᠤᠳ ᠪᠣᠯᠤᠨ ᠭᠡᠷ ᠤᠨ ᠠᠬᠠᠮᠠᠳ ᠲᠤ ᠮᠣᠷᠢᠨ ᠬᠤᠭᠤᠷ ᠤᠨ ᠶᠡᠭᠡ ᠪᠠᠭᠰᠢ ᠦᠯᠵᠡᠢ ᠶᠢᠨ ᠠᠳᠠᠯᠢ ᠪᠤᠰᠤ ᠬᠤᠭᠤᠴᠠᠭᠠᠨ ᠳᠤ ᠵᠣᠬᠢᠶᠠᠭᠰᠠᠨ ᠮᠣᠷᠢᠨ ᠬᠤᠭᠤᠷ ᠢ ᠳᠡᠯᠭᠡᠨ ᠦᠵᠡᠭᠦᠯᠵᠦ᠂ ᠮᠣᠷᠢᠨ ᠬᠤᠭᠤᠷ ᠢ ᠪᠦᠲᠦᠭᠡᠬᠦ ᠪᠣᠯᠤᠨ ᠪᠦᠲᠦᠭᠡᠬᠦ ᠶᠠᠪᠤᠴᠠ ᠶᠢ ᠰᠣᠨᠢᠷᠬᠠᠵᠤ᠂ ᠮᠣᠷᠢᠨ ᠬᠤᠭᠤᠷ ᠤᠨ ᠳᠠᠭᠤᠤ ᠡᠭᠦᠰᠭᠡᠬᠦ ᠦᠨᠳᠦᠰᠦᠯᠡᠯ ᠢ ᠲᠠᠶᠢᠯᠪᠤᠷᠢᠯᠠᠵᠤ᠂ ᠮᠣᠷᠢᠨ ᠬᠤᠭᠤᠷ ᠤᠨ ᠰᠣᠩᠭᠤᠳᠠᠭ ᠠᠶ᠎ᠠ 《 ᠲᠦᠮᠡᠨ ᠠᠭᠲᠠ ᠶᠢᠨ ᠲᠦᠪᠡᠷᠭᠡᠨ 》 ᠢ ᠲᠤᠬᠠᠢ ᠶᠢᠨ ᠲᠠᠯᠠᠪᠠᠢ ᠳᠤ ᠲᠣᠭᠯᠠᠪᠠ .  ᠃ ᠠᠵᠢᠯᠯᠠᠭ᠎ᠠ ᠨᠢ ᠳᠡᠯᠭᠡᠨ ᠦᠵᠡᠭᠦᠯᠬᠦ᠂ ᠲᠠᠶᠢᠯᠪᠤᠷᠢᠯᠠᠬᠤ᠂ ᠥᠯᠢᠭᠡᠷ᠂ ᠲᠣᠭᠯᠠᠯᠲᠠ ᠭᠠᠷᠭᠠᠬᠤ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ ᠵᠠᠯᠠᠭᠤᠴᠤᠳ ᠪᠠᠭᠠᠴᠤᠳ ᠲᠤ ᠮᠠᠨ ᠤ ᠥᠪᠥᠷ ᠮᠣᠩᠭᠤᠯ ᠤᠨ ᠦᠨᠳᠦᠰᠦᠲᠡᠨ ᠤ ᠤᠯᠠᠮᠵᠢᠯᠠᠯᠲᠤ ᠬᠥᠭᠵᠢᠮ ᠤᠨ ᠵᠢᠮᠰᠡᠭ ᠮᠣᠷᠢᠨ ᠬᠤᠭᠤᠷ ᠤᠨ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠤᠨ ᠰᠤᠷᠤᠯᠴᠠᠨ ᠰᠦᠪᠡᠭᠴᠢᠯᠡᠬᠦ ᠬᠦᠰᠡᠯ ᠡᠷᠡᠮᠡᠯᠵᠡᠯ ᠢ ᠬᠥᠭᠵᠢᠭᠡᠪᠡ  ᠃      ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠨᠢ ᠬᠡᠦᠬᠡᠳ ᠪᠣᠯᠤᠨ ᠤᠯᠠᠮᠵᠢᠯᠠᠭᠴᠢ ᠶᠢᠨ ᠬᠤᠭᠤᠷᠣᠨᠳᠣᠬᠢ ᠵᠠᠶ ᠶᠢ ᠪᠠᠭᠠᠰᠬᠠᠵᠤ᠂ ᠵᠠᠯᠠᠭᠤᠴᠤᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶ ᠣᠶᠢᠯᠠᠭᠠᠯᠲᠠ ᠶᠢ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠦᠨᠳᠦᠰᠦᠲᠡᠨ  ᠤ ᠣᠮᠣᠭᠰᠢᠯ ᠢ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠰᠣᠶᠣᠯ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠶᠢᠨ ᠬᠠᠮᠲᠤ ᠪᠠᠰᠠ ᠪᠠᠭᠠᠴᠤᠳ ᠬᠡᠦᠬᠡᠳ ᠤᠨ ᠰᠣᠶᠣᠯ ᠤᠨ ᠥᠪ ᠤᠨ ᠲᠤᠬᠠᠶ ᠲᠠᠨᠢᠨ ᠮᠡᠳᠡᠬᠦᠶ ᠶᠢᠨ ᠲᠦᠪᠰᠢᠨ ᠪᠠ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ  ᠃
 
ᠢᠷᠡᠯᠲᠡ᠄ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号