| | | | ᠲᠦᠷᠦᠭᠦᠬᠡᠨ᠂ ᠬᠢᠩᠭᠠᠨ ᠠᠶᠢᠮᠠᠭ ᠤᠨ 《 2022 ᠣᠨ ᠤ ᠴᠢᠨᠠᠷ ᠰᠠᠶᠢᠲᠠᠶ ᠤᠰᠤᠨ ᠲᠤᠲᠤᠷᠭ᠎ᠠ ᠶᠢᠨ | ᠤᠨᠠᠯᠲᠠ ᠶᠢ ᠬᠡᠮᠵᠢᠬᠦ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ 》 ᠳᠡᠭᠡᠷ᠎ᠡ ᠠᠴᠠ ᠰᠠᠶᠢᠨ ᠴᠢᠮᠡᠭᠡ | ᠰᠣᠨᠣᠰᠳᠠᠪᠠ᠂ ᠬᠤᠵᠢᠷ ᠲᠤ ᠳᠠᠭᠠᠭᠠᠮᠠᠭᠠᠶ ᠤᠰᠤᠨ ᠲᠤᠲᠤᠷᠭ᠎ᠠ ᠶᠢᠨ ᠮᠥ ᠪᠦᠷᠢ ᠶᠢᠨ ᠳᠤᠮᠳᠠᠴᠢ ᠤᠨᠠᠯᠲᠠ ᠨᠢ | ᠳᠠᠬᠢᠨᠲᠠ 1000 ᠵᠢᠩ ᠢ ᠳᠠᠪᠠᠵᠤ᠂ ᠳᠥᠷᠪᠡᠨ ᠵᠢᠯ ᠳᠠᠷᠠᠭᠠᠯᠠᠨ ᠤᠨᠠᠯᠲᠠ ᠶᠢ ᠮᠢᠩᠭᠠᠨ ᠵᠢᠩ ᠠᠴᠠ ᠳᠡᠭᠡᠭᠰᠢ ᠳᠤ | ᠲᠣᠭᠲᠠᠪᠤᠷᠢᠵᠢᠪᠠ ᠃ | | | | | | ᠳᠤᠮᠳᠠᠳᠤ ᠤᠯᠤᠰ ᠤᠨ ᠤᠰᠤᠨ ᠲᠤᠲᠤᠷᠭ᠎ᠠ ᠰᠤᠳᠤᠯᠬᠤ ᠭᠠᠵᠠᠷ᠂ ᠳᠤᠮᠳᠠᠳᠤ ᠤᠯᠤᠰ ᠤᠨ ᠤᠰᠤᠨ | ᠲᠤᠲᠤᠷᠭ᠎ᠠ ᠰᠤᠳᠤᠯᠬᠤ ᠭᠠᠵᠠᠷ ᠤᠨ ᠤᠮᠠᠷᠠᠲᠤ ᠶᠢᠨ ᠤᠰᠤᠨ ᠲᠤᠲᠤᠷᠭ᠎ᠠ ᠶᠢᠨ ᠰᠤᠳᠤᠯᠭᠠᠨ ᠤ ᠲᠥᠪ᠂ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ᠂ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠤᠨᠠᠨ | ᠤ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ 7 ᠤᠰᠤᠨ ᠲᠤᠲᠤᠷᠭ᠎ᠠ ᠶᠢᠨ ᠲᠤᠰᠬᠠᠶ ᠮᠡᠷᠭᠡᠵᠢᠯᠲᠡᠨ | ᠢᠶᠠᠷ ᠪᠦᠷᠢᠯᠳᠦᠭᠰᠡᠨ ᠤᠨᠠᠯᠲᠠ ᠶᠢ ᠬᠡᠮᠵᠢᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠯᠠᠭᠠᠨᠬᠤᠲᠠ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠲᠤᠷᠭ᠎ᠠ᠂ ᠬᠤᠵᠢᠷ ᠲᠤ ᠳᠠᠭᠠᠭᠠᠮᠠᠭᠠᠶ ᠤᠰᠤᠨ ᠲᠤᠲᠤᠷᠭ᠎ᠠ ᠳᠤ | ᠲᠤᠬᠠᠶ ᠶᠢᠨ ᠭᠠᠵᠠᠷ ᠲᠤᠨᠢ ᠤᠨᠠᠯᠲᠠ ᠶᠢ ᠬᠡᠮᠵᠢᠵᠦ ᠰᠢᠯᠭᠠᠨ ᠠᠪᠬᠤ ᠠᠵᠢᠯ ᠥᠷᠨᠢᠭᠦᠯᠪᠡ ᠃ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠲᠤᠬᠠᠶ ᠶᠢᠨ ᠲᠠᠯᠠᠪᠠᠶ ᠶᠢᠨ ᠬᠡᠮᠵᠢᠯᠲᠡ ᠪᠠᠷ ᠳᠡᠮᠵᠢᠨ᠂ ᠲᠤᠲᠤᠷᠭ᠎ᠠ ᠶᠢᠨ ᠰᠢᠨ᠎ᠡ | ᠡᠭᠦᠯᠳᠡᠷ ᠤᠨ ᠮᠥ ᠪᠦᠷᠢ ᠶᠢᠨ ᠤᠨᠠᠯᠲᠠ ᠨᠢ 717 . 56 ᠺᠢᠯᠣᠭ᠍ᠷᠠᠮ ᠳᠤ ᠬᠦᠷᠴᠦ᠂ 《 X 56 》 ᠮᠥ ᠪᠦᠷᠢ | ᠶᠢᠨ ᠤᠨᠠᠯᠲᠠ ᠨᠢ 702 . 5 ᠺᠢᠯᠣᠭ᠍ᠷᠠᠮ ᠳᠤ ᠬᠦᠷᠴᠦ᠂ ᠬᠤᠵᠢᠷᠯᠢᠭ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ | ᠤᠨ ᠮᠥ ᠪᠦᠷᠢ ᠶᠢᠨ ᠤᠨᠠᠯᠲᠠ ᠨᠢ 540 . 3 ᠺᠢᠯᠣᠭ᠍ᠷᠠᠮ ᠳᠤ ᠬᠦᠷᠴᠦ᠂ ᠪᠦᠲᠦᠮᠵᠢᠲᠡᠶ ᠲᠦᠷᠦᠭᠦᠦ ᠣᠯᠠᠨ᠂ | ᠲᠦᠷᠦᠭᠦᠦ ᠶᠡᠭᠡ ᠮᠥᠬᠦᠯᠢᠭ ᠬᠦᠨᠳᠦ᠂ ᠴᠢᠨᠠᠷ ᠰᠠᠶᠢᠲᠠᠶ ᠤᠨᠠᠯᠲᠠ ᠥᠨᠳᠥᠷ ᠵᠡᠷᠭᠡ ᠣᠨᠴᠠᠯᠢᠭ ᠢ ᠢᠯᠡᠷᠡᠭᠦᠯᠵᠦ᠂ | ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠤᠨᠠᠯᠲᠠ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ | ᠪᠡᠶᠡᠯᠡᠭᠦᠯᠪᠡ ᠃ ᠡᠭᠦᠨ ᠳᠤ᠂ ᠬᠤᠵᠢᠷᠯᠢᠭ ᠭᠠᠵᠠᠷ ᠲᠤ ᠲᠡᠰᠪᠦᠷᠢᠲᠡᠶ ᠤᠰᠤᠨ ᠲᠤᠲᠤᠷᠭ᠎ᠠ ᠶᠢᠨ ᠰᠢᠨ᠎ᠡ | ᠪᠦᠲᠦᠭᠡᠭᠳᠡᠬᠦᠨ ᠨᠢ 《 1189 》 ᠮᠥ ᠪᠦᠷᠢ ᠶᠢᠨ ᠤᠨᠠᠯᠲᠠ ᠨᠢ ᠳᠥᠷᠪᠡᠨ ᠵᠢᠯ ᠳᠠᠷᠠᠭᠠᠯᠠᠨ 500 ᠺᠢᠯᠣᠭ᠍ᠷᠠᠮ | ᠢ ᠳᠠᠪᠠᠵᠤ᠂ ᠥᠨᠳᠥᠷ ᠤᠨᠠᠯᠲᠠ ᠲᠠᠢ᠂ ᠲᠣᠭᠲᠠᠭᠤᠨ ᠤᠨᠠᠯᠲᠠ ᠲᠠᠢ ᠪᠣᠯᠵᠣ᠂ ᠳᠤᠮᠳᠠᠳᠤ ᠤᠯᠤᠰ ᠤᠨ ᠬᠤᠵᠢᠷᠯᠢᠭ | ᠭᠠᠵᠠᠷ ᠢ ᠵᠠᠰᠠᠬᠤ 《 ᠬᠡᠪ ᠳᠠᠭᠤᠷᠢᠶᠠᠯ 》 ᠪᠣᠯᠤᠭᠰᠠᠨ ᠪᠠᠶᠢᠨ᠎ᠠ ᠃ | | | | | | 《 ᠳᠤᠮᠳᠠᠳᠤ ᠤᠯᠤᠰ ᠤᠨ ᠠᠶᠠᠭ᠎ᠠ 》 ᠶᠢ ᠰᠠᠶᠢᠲᠤᠷ ᠠᠳᠬᠤᠵᠤ᠂ 《 ᠪᠣᠭᠤᠮᠲᠠ ᠶᠢᠨ ᠭᠠᠳᠠᠨᠠᠬᠢ ᠠᠮᠤ | 》 ᠶᠢ ᠰᠠᠶᠢᠲᠤᠷ ᠨᠡᠮᠡᠨ᠎ᠡ ᠃ ᠬᠢᠩᠭᠠᠨ ᠠᠶᠢᠮᠠᠭ ᠪᠣᠯ ᠥᠪᠥᠷ ᠮᠣᠩᠭᠤᠯ ᠤᠨ ᠤᠰᠤᠨ ᠲᠤᠲᠤᠷᠭ᠎ᠠ ᠶᠢᠨ ᠭᠤᠣᠯ | ᠭᠠᠷᠤᠯᠲᠠ ᠶᠢᠨ ᠣᠷᠣᠨ ᠪᠣᠯᠬᠤ ᠪᠥᠭᠡᠳ ᠳᠡᠯᠡᠬᠡᠢ ᠨᠡᠶᠢᠲᠡ ᠳᠤ ᠮᠡᠳᠡᠷᠡᠭᠳᠡᠭᠰᠡᠨ 《 ᠬᠦᠢᠳᠡᠨ ᠭᠠᠵᠠᠷ ᠤᠨ ᠤᠰᠤᠨ | ᠲᠤᠲᠤᠷᠭ᠎ᠠ ᠶᠢᠨ ᠰᠢᠵᠢᠷ ᠠᠯᠳᠠᠨ ᠲᠠᠷᠢᠮᠠᠯ ᠤᠨ ᠪᠦᠰᠡ 》 ᠪᠣᠯᠤᠨ᠎ᠠ ᠃ ᠣᠶᠢᠷ᠎ᠠ ᠶᠢᠨ ᠵᠢᠯ ᠳᠤ᠂ ᠬᠢᠩᠭᠠᠨ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠤᠯᠤᠰ ᠤᠨ ᠬᠤᠵᠢᠷᠯᠢᠭ ᠤᠰᠤᠨ ᠲᠤᠲᠤᠷᠭ᠎ᠠ | ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠩᠭᠠᠨ ᠠᠶᠢᠮᠠᠭ ᠤᠨ ᠬᠤᠪᠢᠶᠠᠷᠢ ᠲᠥᠪ᠂ ᠤᠯᠤᠰ ᠤᠨ | ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ | ᠬᠢᠩᠭᠠᠨ ᠠᠶᠢᠮᠠᠭ ᠤᠨ ᠬᠤᠪᠢᠶᠠᠷᠢ ᠲᠥᠪ᠂ ᠬᠢᠩᠭᠠᠨ ᠠᠶᠢᠮᠠᠭ ᠤᠨ ᠯᠦᠩ ᠬᠤᠸᠠ ᠶᠢᠨ ᠬᠦᠶᠲᠡᠨ ᠭᠠᠵᠠᠷ ᠤᠨ | ᠤᠰᠤᠨ ᠲᠤᠲᠤᠷᠭ᠎ᠠ ᠶᠢᠨ ᠰᠤᠳᠤᠯᠭᠠᠨ ᠤ ᠬᠦᠷᠢᠶᠡᠯᠡᠩ ᠵᠡᠷᠭᠡ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠵᠠᠯᠭᠠᠭ᠎ᠠ ᠪᠠᠷ ᠡᠷᠦᠬᠡ ᠠᠮᠠ ᠣᠷᠣᠵᠤ᠂ ᠡᠯ᠎ᠡ ᠦᠶ᠎ᠡ ᠶᠢᠨ | ᠤᠰᠤᠨ ᠲᠤᠲᠤᠷᠭ᠎ᠠ ᠶᠢᠨ ᠦᠷ᠎ᠡ ᠪᠣᠶᠢᠵᠢᠭᠤᠯᠬᠤ ᠮᠠᠲ᠋ᠧᠷᠢᠶᠠᠯ ᠢ ᠨᠡᠶᠢᠲᠡ ᠬᠡᠳᠦᠨ ᠲᠦᠮᠡᠨ ᠬᠤᠪᠢ ᠣᠯᠤᠭᠰᠠᠨ | ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠶᠯ | ᠤᠨ 《 ᠤᠮᠠᠷᠠᠲᠤ ᠶᠢᠨ ᠬᠦᠶᠲᠡᠨ ᠭᠠᠵᠠᠷ ᠤᠨ ᠤᠰᠤᠨ ᠲᠤᠲᠤᠷᠭ᠎ᠠ ᠵᠢᠴᠢ ᠣᠷᠣᠨ ᠪᠦᠰᠡ ᠶᠢᠨ ᠬᠤᠵᠢᠷᠯᠢᠭ | ᠭᠠᠵᠠᠷ ᠲᠤ ᠲᠡᠰᠪᠦᠷᠢᠲᠡᠶ ᠤᠰᠤᠨ ᠲᠤᠲᠤᠷᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠬᠤᠷᠠᠮᠠᠯ ᠵᠢᠱᠢᠶ᠎ᠡ ᠦᠵᠡᠭᠦᠯᠬᠦ 》 ᠲᠥᠷᠥᠯ ᠵᠦᠶᠯ ᠤᠨ | ᠳᠡᠮᠵᠢᠯᠭᠡ ᠳᠣᠤᠷ᠎ᠠ᠂ ᠬᠢᠩᠭᠠᠨ ᠠᠶᠢᠮᠠᠭ ᠤᠮᠠᠷᠠᠲᠤ ᠶᠢᠨ ᠬᠦᠶᠲᠡᠨ ᠭᠠᠵᠠᠷ ᠤᠨ ᠴᠢᠨᠠᠷ ᠰᠠᠶᠢᠲᠠᠶ ᠤᠰᠤᠨ ᠲᠤᠲᠤᠷᠭ᠎ᠠ | ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ᠂ ᠴᠢᠨᠠᠷ ᠰᠠᠶᠢᠲᠠᠶ ᠤᠰᠤᠨ ᠲᠤᠲᠤᠷᠭ᠎ᠠ ᠶᠢ ᠡᠯᠪᠡᠭ ᠬᠤᠷᠢᠶᠠᠯᠲᠠ | ᠲᠠᠢ ᠳᠠᠷᠢᠵᠤ ᠪᠣᠶᠢᠵᠢᠭᠤᠯᠬᠤ ᠮᠡᠷᠭᠡᠵᠢᠯ ᠵᠡᠷᠭᠡ ᠰᠤᠳᠤᠯᠭᠠᠨ ᠢ ᠢᠳᠡᠪᠬᠢᠲᠡᠶ ᠥᠷᠨᠢᠭᠦᠯᠵᠦ᠂ ᠴᠢᠨᠠᠷ ᠰᠠᠶᠢᠲᠠᠶ | ᠲᠤᠲᠤᠷᠭ᠎ᠠ ᠶᠢᠨ ᠤᠨᠠᠯᠲᠠ ᠪᠠ ᠬᠤᠵᠢᠷᠯᠢᠭ ᠭᠠᠵᠠᠷ ᠲᠤ ᠲᠡᠰᠪᠦᠷᠢᠲᠡᠶ ᠤᠰᠤᠨ ᠲᠤᠲᠤᠷᠭ᠎ᠠ ᠶᠢᠨ ᠤᠨᠠᠯᠲᠠ | ᠲᠠᠰᠤᠷᠠᠯᠲᠠ ᠥᠬᠡᠶ ᠰᠢᠨ᠎ᠡ ᠲᠡᠮᠳᠡᠭᠯᠡᠯ ᠢ ᠡᠭᠦᠳᠪᠡ ᠃ ᠣᠳᠣᠬᠠᠨ ᠳᠤ᠂ ᠨᠢᠭᠡᠨᠲᠡ 13 ᠤᠰᠤᠨ ᠲᠤᠲᠤᠷᠭ᠎ᠠ ᠶᠢᠨ | ᠰᠢᠨ᠎ᠡ ᠡᠭᠦᠯᠳᠡᠷ ᠤᠨ ᠰᠢᠰᠲ᠋ᠧᠮ ᠢ ᠪᠣᠶᠢᠵᠢᠭᠤᠯᠤᠨ ᠭᠠᠷᠭᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ 3 ᠰᠢᠨ᠎ᠡ ᠡᠭᠦᠯᠳᠡᠷ ᠢ ᠬᠢᠨᠠᠨ ᠲᠣᠭᠲᠠᠭᠠᠵᠤ᠂ 《 ᠤᠰᠤᠨ ᠲᠤᠲᠤᠷᠭ᠎ᠠ | ᠶᠢᠨ ᠮᠥ ᠪᠦᠷᠢ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ ᠮᠡᠷᠭᠡᠵᠢᠯ ᠤᠨ ᠵᠠᠭᠪᠤᠷ 》 ᠪᠠ 《 ᠬᠤᠵᠢᠷᠯᠢᠭ | ᠭᠠᠵᠠᠷ ᠤᠨ ᠲᠤᠲᠤᠷᠭ᠎ᠠ ᠪᠠᠷ ᠰᠠᠶᠢᠵᠢᠷᠠᠭᠤᠯᠬᠤ ᠮᠡᠷᠭᠡᠵᠢᠯ ᠤᠨ ᠵᠠᠭᠪᠤᠷ 》 ᠢ ᠪᠠᠶᠢᠭᠤᠯᠬᠤ ᠳᠤ ᠰᠠᠶᠢᠨ ᠡᠭᠦᠯᠳᠡᠷ | ᠤᠨ ᠰᠠᠭᠤᠷᠢ ᠶᠢ ᠲᠠᠯᠪᠢᠵᠤ ᠥᠭᠴᠡᠶ ᠃ | | | | ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ | ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠮᠡᠷᠭᠡᠵᠢᠯ ᠤᠨ ᠳᠠᠪᠠᠭᠤᠯᠢᠭ ᠢ ᠠᠰᠢᠭᠯᠠᠨ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠤᠯᠲᠠ ᠶᠢ ᠦᠷᠭᠦᠯᠵᠢᠯᠡᠨ ᠥᠷᠨᠢᠭᠦᠯᠵᠦ᠂ ᠴᠢᠨᠠᠷ | ᠰᠠᠶᠢᠲᠠᠶ ᠥᠨᠳᠥᠷ ᠭᠠᠷᠤᠯᠲᠠ ᠶᠢᠨ ᠡᠭᠦᠯᠳᠡᠷ ᠢ ᠰᠢᠭᠰᠢᠨ ᠰᠣᠩᠭᠤᠵᠤ᠂ ᠳᠠᠪᠤᠰᠤ ᠬᠤᠵᠢᠷ ᠲᠤ ᠳᠠᠭᠠᠭᠠᠮᠠᠭᠠᠶ | ᠤᠰᠤᠨ ᠲᠤᠲᠤᠷᠭ᠎ᠠ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠡᠭᠦᠨ ᠤ ᠬᠠᠮᠲᠤ᠂ ᠲᠤᠷᠰᠢᠯᠲᠠ | ᠬᠢᠬᠦ ᠪᠠ ᠬᠢᠨᠠᠨ ᠲᠣᠭᠲᠠᠭᠠᠬᠤ ᠠᠯᠬᠤᠮ ᠢᠶᠠᠨ ᠲᠦᠷᠭᠡᠳᠬᠡᠵᠦ᠂ ᠬᠤᠵᠢᠷᠯᠢᠭ ᠤᠰᠤᠨ ᠲᠤᠲᠤᠷᠭ᠎ᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶ ᠦᠶᠯᠡᠳᠪᠦᠷᠢᠯᠡᠯ ᠳᠤ ᠲᠦᠷᠭᠡᠬᠡᠨ ᠬᠡᠷᠡᠭᠯᠡᠵᠦ᠂ ᠤᠰᠤᠨ | ᠲᠤᠲᠤᠷᠭ᠎ᠠ ᠶᠢᠨ ᠠᠵᠤ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠪᠠᠷ | ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠤ ᠬᠦᠴᠦᠨ ᠨᠡᠮᠡᠷᠢᠯᠡᠬᠦ ᠬᠡᠷᠡᠭᠲᠡᠶ ᠃ |