ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠦᠶᠯᠡᠴᠢᠯᠡᠭᠡᠨ ᠤ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/9/30
   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠲᠦᠪᠰᠢᠨ ᠢ ᠦᠨᠡᠨ ᠬᠦ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠮᠢᠶ᠎ᠠ ᠪᠥᠬᠦᠶ ᠨᠢᠭᠡᠴᠡ ᠲᠠᠢ ᠬᠠᠮᠲᠤᠷᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠨᠢᠭᠡᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠪᠣᠯᠪᠠᠰᠤᠷᠠᠯ ᠤᠨ ᠠᠩᠭᠢ ᠶᠢ ᠡᠷᠭᠢᠯᠡᠪᠡ  ᠃ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ( ᠬᠤᠲᠠ᠂ ᠲᠣᠭᠤᠷᠢᠭ )᠂ ᠡᠯ᠎ᠡ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 900 ᠰᠢᠬᠠᠮ ᠬᠥᠮᠦᠨ ᠪᠣᠯᠪᠠᠰᠤᠷᠠᠯ ᠳᠤ ᠣᠷᠣᠯᠴᠠᠵᠠᠶ  ᠃      ᠲᠣᠰ ᠤᠳᠠᠭᠠᠨ ᠤ ᠪᠣᠯᠪᠠᠰᠤᠷᠠᠭᠤᠯᠤᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠭᠠᠵᠠᠷ ᠤᠨ ᠰᠦᠨ ᠷᠦᠢ ᠶᠠᠩ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠭᠠᠵᠠᠷ ᠤᠨ ᠸᠠᠩ ᠵᠢᠶᠠᠨ ᠹᠸᠢ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ ᠤᠨ ᠬᠠᠨ ᡁᠢ ᠺᠦᠶ ᠲᠣᠰ ᠲᠣᠰ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠥᠭᠡᠷᠡᠴᠢᠯᠡᠯᠲᠡ ᠬᠢᠭᠡᠳ ᠬᠡᠷᠡᠭᠵᠢᠭᠦᠯᠦᠯᠲᠡ ᠵᠡᠷᠭᠡ ᠲᠠᠯ᠎ᠠ  ᠪᠠᠷ ᠠᠵᠢᠯ ᠤᠨ ᠦᠶᠯᠡᠳᠦᠯᠭᠡ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ  ᠃ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠳᠤ ᠨᠠᠩ ᠪᠥᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠨᠣᠪᠴᠢᠲᠠᠶ ᠣᠶᠢᠯᠠᠭᠠᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠣᠷᠣᠭᠰᠠᠨ ᠢᠶᠠᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ  ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠠᠩ ᠣᠨᠣᠴᠠᠲᠠᠶ ᠦᠶᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ ᠭᠡᠵᠡᠶ  ᠃     ᠳᠠᠷᠠᠭ᠎ᠠ ᠠᠯᠬᠤᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠡᠪᠰᠢᠭᠰᠡᠨ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠤᠨ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ  ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠠ ᠠᠵᠤ ᠠᠬᠤᠢᠯᠠᠯ ᠬᠠᠮᠤᠭ ᠠᠴᠠ ᠠᠩᠬᠠᠷᠴᠤ ᠪᠠᠶᠢᠨ᠎ᠠ᠂ ᠬᠠᠮᠤᠭ ᠪᠠᠴᠢᠮ ᠣᠶᠢᠯᠠᠭᠠᠵᠤ ᠡᠵᠡᠮᠰᠢᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠷᠤᠳᠠᠯ ᠬᠡᠷᠡᠭᠯᠡᠬᠦ ᠵᠡᠷᠭᠡ ᠲᠠᠯ᠎ᠠ ᠶᠢᠨ ᠦᠶᠯᠡᠴᠢᠯᠡᠭᠡᠨ ᠤ ᠬᠡᠷᠡᠭᠴᠡᠭᠡ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ  ᠶᠢ ᠵᠣᠯᠭᠠᠭᠤᠯᠤᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠥᠪᠯᠡᠷᠡᠩᠭᠦᠶ ᠪᠣᠯᠪᠠᠰᠤᠷᠠᠯ ᠢᠶᠠᠷ ᠳᠠᠮᠵᠢᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠭᠠᠨ ᠵᠢᠯᠣᠭᠤᠳᠴᠤ ᠪᠣᠯᠪᠠᠰᠤᠷᠠᠭᠤᠯᠬᠤ ᠬᠡᠷᠡᠭᠲᠡᠶ᠂ ᠵᠣᠬᠢᠶᠠᠨ ᠪᠠᠶᠢᠭᠤᠯᠤᠯᠲᠠ ᠶᠢᠨ ᠶᠠᠷᠢᠯᠴᠠᠬᠤ ᠰᠣᠯᠢᠯᠴᠠᠬᠤ ᠪᠣᠯᠪᠠᠰᠤᠷᠠᠯ᠂ ᠠᠰᠠᠭᠤᠳᠠᠯ ᠢ ᠪᠠᠶᠢᠴᠠᠭᠠᠨ ᠰᠤᠳᠤᠯᠵᠤ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠬᠢᠬᠦ ᠬᠡᠷᠡᠭᠲᠡᠶ᠂ ᠰᠡᠵᠢᠭ ᠢ ᠬᠠᠷᠢᠭᠤᠯᠵᠤ ᠲᠥᠭᠡᠷᠢᠭᠳᠡᠯ ᠢ ᠲᠠᠶᠢᠯᠬᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号