ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/11
     ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠭᠠᠷᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ 1 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᡁᠢ ᠨᠥᠬᠦᠷ ᠢ ᠤᠷᠢᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠭᠤᠯᠵᠤ ᠬᠠᠪᠰᠤᠷᠤᠨ ᠵᠢᠯᠤᠭᠤᠳᠤᠭᠤᠯᠪᠠ  ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ  ᠶᠢᠨ ᠡᠯ᠎ᠡ ᠭᠠᠵᠠᠷ ᠬᠡᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ  ᠃      ᠯᠢᠦ ᡁᠢ 《 ᠢᠲᠡᠭᠡᠯ ᠵᠣᠷᠢᠭ ᠢᠶᠠᠨ ᠨᠡᠮᠡᠭᠳᠡᠭᠦᠯᠦᠨ᠎ᠡ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠠᠭᠤᠷᠢ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ 》 ᠭᠡᠬᠦ ᠰᠡᠳᠦᠪ ᠲᠠᠢ᠂ 《 ᠬᠤᠶᠠᠷ ᠢ ᠲᠣᠭᠲᠠᠭᠠᠬᠤ 》 ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠰᠢᠨ᠎ᠡ ᠦᠰᠦᠷᠦᠯᠲᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠬᠤ ᠪᠠᠶᠢᠷᠢ ᠰᠠᠭᠤᠷᠢ ᠲᠣᠪᠦ᠋ᠮ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠨᠢ ᠡᠭᠦᠷᠢᠳᠡ ᠵᠤᠬᠰᠤᠰᠢ ᠦᠭᠡᠢ ᠶᠤᠮ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠡᠮᠬᠢᠯᠡᠵᠦ ᠭᠦᠨᠵᠡᠭᠡᠶ ᠲᠠᠶᠢᠯᠪᠤᠷᠢᠯᠠᠵᠠᠶ᠂ ᠲᠠᠷᠠᠭᠠᠴᠢ ᠶᠢᠨ ᠠᠯᠬᠤᠮ ᠳᠤ ᠭᠦᠨᠵᠡᠭᠡᠶ ᠰᠤᠷᠤᠯᠴᠠᠬᠤ ᠬᠡᠷᠡᠭᠲᠡᠶ᠂ ᠪᠦᠬᠦ ᠲᠠᠯ᠎ᠠ ᠪᠠᠷ ᠣᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠨᠢ ᠲᠤᠶᠢᠯ ᠤᠨ ᠴᠢᠩᠭ᠎ᠠ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠳᠤ ᠴᠢᠨᠠᠷ ᠲᠠᠢ ᠶᠤᠮ  ᠃       ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ᠂ 《 ᠬᠤᠶᠠᠷ ᠢ ᠲᠣᠭᠲᠠᠭᠠᠬᠤ 》 ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠵᠡᠷᠭᠡ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠲᠠᠰᠤᠷᠠᠯᠳᠠ ᠦᠭᠡᠢ 《 ᠲᠦᠷᠪᠡᠨ ᠤᠬᠠᠮᠰᠠᠷ 》 ᠢᠶᠠᠨ ᠴᠢᠩᠭᠠᠳᠬᠠᠵᠤ᠂ 《 ᠲᠦᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ  ᠢ ᠬᠠᠮᠠᠭᠠᠯᠠᠬᠤ 》 ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠭᠤᠷᠪᠠ ᠶᠢ ᠨᠢᠭᠡ ᠴᠣᠭᠴᠠᠵᠢᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠯ ᠬᠠᠩᠭᠠᠬᠤ ᠬᠡᠷᠡᠭᠲᠡᠶ  ᠃ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤ ᠪᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ  ᠶᠢᠨ ᠲᠣᠭᠤᠷᠢᠨ ᠳᠤ᠂ ᠰᠠᠭᠤᠷᠢ ᠰᠤᠳᠤᠯᠭᠠᠨ ᠤ ᠰᠠᠭᠤᠷᠢ ᠶᠢ ᠪᠠᠬᠢᠵᠢᠭᠦᠯᠬᠦ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ  ᠢ ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠬᠦ ᠵᠡᠷᠭᠡ ᠲᠠᠯ᠎ᠠ ᠪᠠᠷ ᠲᠢᠩᠬᠢᠮ ᠪᠠ ᠰᠤᠷᠭᠠᠭᠤᠯᠢ ᠶᠢᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠵᠦ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠲᠤᠯᠭᠠᠭᠤᠷᠢᠯᠠᠬᠤ ᠬᠡᠷᠡᠭᠲᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号