| | 1 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᡁᠢ ᠺᠤᠸᠠᠨ ᠪᠤᠭᠤᠲᠤ ᠬᠤᠳᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠸᠠᠩ ᠰᠢᠦ ᠯᠢᠶᠠᠨ ᠨᠠᠷ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠲᠤ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠤᠬᠠᠢ ᠶᠠᠷᠢᠯᠴᠠᠪᠠ ᠃ | ᠵᠠᠩ ᡁᠢ ᠺᠤᠸᠠᠨ ᠸᠠᠩ ᠰᠢᠦ ᠯᠢᠶᠠᠨ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ | ᠪᠠᠨ ᠢᠯᠡᠳᠬᠡᠭᠰᠡᠨ ᠪᠥᠭᠡᠳ ᠪᠤᠭᠤᠲᠤ ᠬᠤᠳᠠ ᠶᠢᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠵᠠᠩᠭᠢᠯᠠᠭ᠎ᠠ ᠶᠢᠨ | ᠴᠢᠨᠠᠷᠲᠠᠢ ᠦᠢᠯᠡᠳᠦᠯ ᠦᠵᠡᠭᠦᠯᠦᠭᠰᠡᠨ ᠢ ᠨᠤᠲᠠᠯᠠᠵᠤ ᠪᠠᠶᠢᠬᠤ ᠪᠠᠨ ᠢᠯᠡᠳᠬᠡᠪᠡ ᠃ ᠲᠡᠷᠡ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠪᠠᠷ ᠭᠠᠷᠳᠠᠴᠠ | ᠪᠣᠯᠭᠠᠨ᠂ ᠲᠥᠷᠥ ᠶᠢᠨ ᠪᠣᠳᠣᠯᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠷᠥᠯ ᠵᠦᠶᠯ ᠢᠶᠠᠷ ᠲᠤᠯᠭᠠᠭᠤᠷᠢᠯᠠᠯ ᠪᠣᠯᠭᠠᠨ | ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠃ ᠲᠠᠷᠠᠭᠠᠴᠢ ᠶᠢᠨ ᠠᠯᠬᠤᠮ ᠳᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠣᠯᠤᠨ ᠪᠤᠭᠤᠲᠤ ᠬᠤᠲᠠ | ᠶᠢᠨ ᠬᠢᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠦᠴᠦ ᠪᠠᠨ ᠲᠥᠪᠯᠡᠷᠡᠭᠦᠯᠦᠨ ᠪᠤᠭᠤᠲᠤ | ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ | ᠪᠣᠯᠤᠨ᠎ᠠ ᠃ ᠠᠵᠤ ᠦᠶᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠵᠤ ᠦᠶᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠬᠤᠤᠰ | ᠨᠡᠭᠦᠷᠡᠰᠦᠲᠥ᠋ᠷᠥᠭᠴᠢ᠂ ᠬᠤᠪᠣᠷ ᠰᠢᠷᠣᠶ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ᠂ ᠦᠷ᠎ᠡ ᠶᠢᠨ ᠦᠶᠯᠡᠰ᠂ | ᠡᠪᠡᠰᠦᠨ ᠤ ᠦᠶᠯᠡᠰ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ | ᠠᠰᠢᠭᠯᠠᠬᠤ ᠵᠡᠷᠭᠡ ᠬᠦᠷᠢᠶᠡᠨ ᠤ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠵᠦ᠂ ᠣᠯᠠᠨ ᠲᠠᠰ ᠳᠠᠪᠬᠤᠷᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠲᠦᠷᠭᠡᠳᠬᠡᠨ ᠪᠠᠶᠢᠷᠢᠰᠢᠭᠤᠯᠵᠤ᠂ | ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠦᠶᠯᠡᠰ ᠤᠨ ᠲᠦᠪᠰᠢᠨ ᠢ ᠪᠦᠬᠦᠯᠢ ᠴᠣᠭᠴᠠ ᠪᠠᠷ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ | ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠠᠵᠢᠯ ᠢᠶᠠᠨ ᠢᠳᠡᠪᠬᠢᠲᠡᠶ ᠠᠬᠢᠭᠤᠯᠵᠤ᠂ | ᠬᠤᠪᠣᠷ ᠰᠢᠷᠣᠶ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠬᠦ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠃ | ᠸᠠᠩ ᠰᠢᠦ ᠯᠢᠶᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ | ᠤᠨ ᠣᠷᠳᠣ ᠬᠤᠭᠤᠴᠠᠭᠠᠨ ᠤ ᠲᠤᠷᠰᠢ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠦᠴᠦᠲᠡᠶ ᠳᠡᠮᠵᠢᠭᠰᠡᠨ ᠳᠤ ᠲᠠᠯᠠᠷᠬᠠᠵᠤ ᠪᠠᠶᠢᠬᠤ | ᠪᠠᠨ ᠢᠯᠡᠳᠬᠡᠪᠡ ᠃ ᠲᠡᠷᠡ᠂ ᠤᠢᠢᠷ᠎ᠠ ᠶᠢᠨ ᠵᠢᠯ ᠠᠴᠠ᠂ ᠪᠤᠭᠤᠲᠤ ᠬᠤᠳᠠ ᠶᠢᠨ ᠠᠵᠤ ᠠᠬᠤᠢ ᠶᠢᠨ ᠬᠥᠭᠵᠢᠯᠲᠡ | ᠬᠡᠯᠪᠡᠷᠢ ᠪᠠᠨ ᠲᠦᠷᠭᠡᠨ ᠬᠤᠪᠢᠷᠠᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠡᠯᠧᠮᠧᠨ᠋ᠲ ᠲᠦᠷᠭᠡᠨ | ᠲᠥᠪᠯᠡᠷᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ | ᠲᠦᠷᠭᠡᠨ ᠪᠣᠶᠢᠵᠢᠵᠤ᠂ ᠴᠢᠨᠠᠷ ᠰᠠᠶᠢᠲᠠᠢ ᠬᠥᠭᠵᠢᠯᠲᠡ ᠨᠢᠭᠡᠨᠲᠡ ᠵᠣᠬᠢᠬᠤ ᠰᠠᠭᠤᠷᠢ ᠪᠠ ᠳᠠᠪᠠᠭᠤᠯᠢᠭ ᠲᠠᠢ ᠪᠣᠯᠵᠠᠢ ᠃ | ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ ᠲᠠᠢ ᠬᠠᠮᠲᠤ ᠪᠠᠷ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ | ᠶᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠲᠠᠢ ᠪᠥᠬᠦ ᠲᠠᠯ᠎ᠠ ᠪᠠᠷ | ᠬᠠᠮᠲᠤᠷᠠᠯᠴᠠᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠬᠦ | ᠲᠠᠪᠴᠠᠩ ᠤᠨ ᠪᠥᠲᠥᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠴᠢᠩᠭᠠᠳᠬᠠᠵᠤ᠂ ᠭᠤᠤᠯᠯᠠᠬᠤ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ | | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠠᠮᠢᠶ᠎ᠠ ᠪᠥᠬᠦᠶ | ᠭᠠᠵᠠᠷ ᠬᠡᠷ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠪᠤᠭᠤᠲᠤ ᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠴᠢᠩᠱᠠᠨ ᠲᠣᠨᠤᠭ ᠲᠥᠬᠦᠭᠡᠷᠦᠮᠵᠢ ᠦᠶᠯᠡᠳᠬᠦ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠵᠠᠶ ᠃ |