| | 1 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠬᠤᠷᠠᠯ ᠬᠢᠪᠠ ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 71 ᠬᠥᠮᠦᠨ | ᠪᠣᠶ᠂ 64 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠪᠡ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠤ ᠴᠦᠨ ᠬᠤᠷᠠᠯ ᠢ ᠡᠷᠭᠢᠯᠡᠵᠦ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ | ᠨᠡᠷᠡᠰ 》 ᠢ ᠪᠠᠲᠤᠯᠠᠪᠠ ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠢ ᠰᠦᠨ ᠱᠣᠤ | ᠴᠧᠩ᠂ ᠯᠢᠨ ᠱᠣᠤ ᠴᠦᠨ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠠᠶ ᠯᠢ ᠬᠤᠸᠠ᠂ ᠯᠢ ᠪᠢᠩ ᠷᠦᠩ᠂ | ᠡᠦ ᠶᠠᠨ ᠭᠠᠩ᠂ ᠱᠢ ᠸᠧᠨ ᠰᠢᠤᠸᠠᠢ ᠪᠣᠯᠤᠨ᠎ᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠬᠢᠯᠡᠪᠡ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠡᠳᠦᠷ ᠤᠨ ᠳᠠᠷᠠᠭᠠᠯᠠᠯ᠂ ᠭᠦᠶᠴᠡᠳᠬᠡᠬᠦ | ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ | ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠶᠢ ᠵᠣᠭᠰᠣᠭᠠᠬᠤ ᠴᠠᠭ ᠤᠨ ᠲᠤᠬᠠᠶ ᠲᠣᠭᠲᠠᠭᠠᠯ ᠵᠢᠴᠢ ᠰᠠᠨᠠᠯ | ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ ᠃ ᠶᠡᠭᠡ ᠬᠤᠷᠠᠯ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ | ᠳᠤᠷᠠᠳᠬᠤ ᠶᠢ 2023 ᠣᠨ ᠤ 1 ᠰᠠᠷ᠎ᠠ ᠶᠢᠨ 13 ᠤ ᠡᠳᠦᠷ ᠤᠨ 12 ᠴᠠᠭ ᠪᠣᠯᠲᠠᠯ᠎ᠠ ᠲᠣᠭᠲᠠᠭᠠᠪᠠ ᠃ | ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ | ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠦᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ | ᠰᠣᠩᠭᠤᠭᠤᠯᠢ ᠶᠢᠨ ᠠᠷᠭ᠎ᠠ ᠶᠢᠨ ᠲᠥᠰᠦᠯ ᠢ ᠪᠠᠲᠤᠯᠠᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠷᠢᠯᠳᠦᠬᠦᠨ ᠤ ᠣᠷᠣᠨ ᠲᠤᠭ᠎ᠠ ᠶᠢᠨ ᠲᠣᠭᠲᠠᠭᠠᠯ ᠤᠨ ᠲᠥᠰᠦᠯ ᠢ ᠪᠠᠲᠤᠯᠠᠪᠠ ᠃ ᠬᠤᠷᠠᠯ ᠠᠴᠠ | ᠵᠧᠦ ᠺᠠᠶ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ ᠪᠠᠶᠢᠭᠤᠯᠬᠤ ᠵᠢᠴᠢ ᠲᠡᠭᠦᠨ ᠤ ᠪᠦᠷᠢᠯᠳᠦᠬᠦᠨ ᠬᠥᠮᠦᠰ | ᠢ ᠪᠠᠲᠤᠯᠠᠬᠤ ᠠᠷᠭ᠎ᠠ ᠪᠣᠯᠤᠨ ᠪᠦᠷᠢᠯᠳᠦᠬᠦᠨ ᠤ ᠨᠡᠷᠡᠰ ᠤᠨ ᠲᠥᠰᠦᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠂ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠤᠰᠬᠠᠢ ᠵᠥᠪᠯᠡᠯ ᠪᠠᠶᠢᠭᠤᠯᠬᠤ ᠲᠣᠭᠲᠠᠭᠠᠯ ᠤᠨ ᠲᠥᠰᠦᠯ ᠢ ᠪᠠᠲᠤᠯᠠᠪᠠ᠂ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ | ᠲᠤᠰᠬᠠᠶ ᠵᠥᠪᠯᠡᠯ ᠤᠨ ᠪᠦᠷᠢᠯᠳᠦᠬᠦᠨ ᠢᠶᠠᠷ ᠵᠢᠱᠢᠭᠳᠡᠭᠴᠢ ᠶᠢ ᠪᠠᠲᠤᠯᠠᠬᠤ ᠠᠷᠭ᠎ᠠ ᠶᠢᠨ ᠲᠥᠰᠦᠯ᠂ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠲᠦᠷᠢᠮ ᠤᠨ ᠵᠥᠪᠯᠡᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠺᠣᠮᠢᠰ᠂ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ᠂ ᠦᠨᠳᠦᠰᠦᠲᠡᠨ ᠤ | ᠬᠠᠷᠢᠶᠠᠲᠤ ᠶᠢᠨ ᠭᠠᠳᠠᠭᠠᠳᠤ ᠶᠠᠪᠤᠳᠠᠯ ᠤᠨ ᠺᠣᠮᠢᠰ᠂ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠺᠣᠮᠢᠰ᠂ | ᠲᠠᠷᠢᠶᠠᠯᠠᠩ ᠮᠠᠯ ᠠᠵᠤ ᠠᠬᠤᠶ ᠶᠢᠨ ᠺᠣᠮᠢᠰ᠂ ᠣᠷᠴᠢᠨ ᠲᠣᠭᠤᠷᠢᠨ ᠬᠢᠭᠡᠳ ᠡᠬᠢ ᠪᠠᠶᠠᠯᠢᠭ ᠢ ᠬᠠᠮᠠᠭᠠᠯᠠᠬᠤ ᠺᠣᠮᠢᠰ | ᠤᠨ ᠪᠦᠷᠢᠯᠳᠦᠬᠦᠨ ᠤ ᠨᠡᠷᠡᠰ ᠤᠨ ᠲᠥᠰᠦᠯ ᠃ ᠳᠡᠭᠡᠷᠡᠬᠢ ᠪᠠᠲᠤᠯᠠᠭᠰᠠᠨ ᠲᠣᠭᠲᠠᠭᠠᠯ᠂ ᠠᠷᠭ᠎ᠠ ᠪᠠ ᠨᠡᠷᠡᠰ ᠢ ᠪᠦᠬᠦ | ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠤᠯᠤᠭᠰᠠᠨ ᠤ ᠳᠠᠷᠠᠭ᠎ᠠ ᠶᠡᠭᠡ ᠬᠤᠷᠠᠯ ᠳᠤ | ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ ᠃ |