ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠢᠭᠡᠳᠦᠭᠡᠷ ᠳᠡᠰ  ᠤᠨ ᠲᠣᠭᠤᠷᠢᠨ ᠪᠠᠶᠢᠴᠠᠭᠠᠭᠴᠢ ᠬᠤᠸᠠᠩ ᠶᠠᠨ ᠪᠢᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠡᠪᠡᠳᠴᠢᠯᠡᠭᠡᠳ ᠡᠮᠨᠡᠯᠭᠡ ᠳᠤ ᠰᠠᠭᠤᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/1/13
    1 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠤᠸᠠᠩ ᠶᠠᠨ ᠪᠢᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠬᠥᠮᠦᠰ ᠤᠨ ᠠᠵᠢᠯ ᠤᠨ ᠭᠠᠵᠠᠷ ᠤᠨ ᠬᠠᠮᠢᠶ᠎ᠠ ᠪᠥᠬᠦᠶ ᠠᠵᠢᠯᠲᠠᠳ  ᠲᠠᠢ ᠬᠠᠮᠲᠤ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠡᠪᠡᠳᠴᠢᠯᠡᠵᠦ ᠡᠮᠨᠡᠯᠭᠡ ᠳᠤ ᠰᠠᠭᠤᠭᠰᠠᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠡᠮᠦᠨ᠎ᠡ ᠠᠴᠠ ᠵᠣᠬᠢᠶᠠᠨ ᠪᠠᠶᠢᠭᠤᠯᠤᠭᠰᠠᠨ ᠬᠠᠯᠠᠮᠵᠢᠯᠠᠯ ᠪᠠ ᠮᠡᠨᠳᠦᠴᠢᠯᠡᠯ ᠢ ᠠᠬᠠᠮᠠᠳ ᠨᠥᠬᠦᠳ ᠤᠨ ᠳᠡᠷᠭᠡᠳᠡ ᠬᠦᠷᠭᠡᠪᠡ  ᠃       ᠬᠤᠸᠠᠩ ᠶᠠᠨ ᠪᠢᠨ ᠨᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠤᠯᠵᠤ ᠡᠮᠨᠡᠯᠭᠡ ᠳᠤ ᠰᠠᠭᠤᠭᠰᠠᠨ ᠲᠢᠩᠬᠢᠮ ᠤᠨ ᠲᠡᠰ ᠤᠨ ᠠᠵᠢᠯ ᠠᠴᠠ ᠪᠠᠨ ᠠᠮᠠᠷᠠᠭᠰᠠᠨ ᠬᠤᠶᠠᠷ ᠺᠠᠳ᠋ᠷ ᠪᠣᠯᠤᠨ ᠤᠯᠠᠨ ᠵᠦᠢᠯ ᠤᠨ ᠡᠪᠡᠳᠴᠢᠨ ᠠᠴᠠ ᠪᠤᠯᠵᠤ ᠤᠷᠳᠤ ᠬᠤᠭᠤᠴᠠᠭ᠎ᠠ ᠪᠠᠷ ᠡᠮᠨᠡᠯᠭᠡ ᠳᠤ ᠰᠠᠭᠤᠵᠤ ᠡᠮᠨᠡᠭᠦᠯᠦᠭᠰᠡᠨ ᠠᠵᠢᠯ ᠠᠴᠠ ᠪᠠᠨ ᠠᠮᠠᠷᠠᠭᠰᠠᠨ ᠨᠢᠭᠡ ᠺᠠᠳ᠋ᠷ ᠢ ᠡᠷᠬᠢᠨ ᠦᠵᠡᠵᠦ ᠲᠣᠬᠤᠨᠢᠭᠤᠯᠪᠠ  ᠃ ᠬᠦᠷᠦᠭᠰᠡᠨ ᠭᠠᠵᠠᠷ ᠪᠣᠯᠭᠠᠨ  ᠳᠤ᠂ ᠬᠤᠸᠠᠩ ᠶᠠᠨ ᠪᠢᠨ ᠠᠬᠠᠮᠠᠳ ᠨᠥᠬᠦᠳ ᠤᠨ ᠡᠪᠡᠳᠴᠢᠨ ᠤ ᠪᠠᠶᠢᠳᠠᠯ ᠪᠣᠯᠤᠨ ᠡᠮᠨᠡᠨ ᠵᠠᠰᠠᠭᠰᠠᠨ ᠪᠠᠶᠢᠳᠠᠯ ᠢ ᠨᠠᠷᠢᠨ ᠠᠰᠠᠭᠤᠵᠤ᠂ ᠳᠡᠳᠡᠨ ᠢ ᠰᠠᠨᠠᠭ᠎ᠠ ᠠᠮᠤᠷ ᠡᠪᠡᠳᠴᠢᠨ ᠢᠶᠠᠨ ᠰᠤᠪᠢᠯᠠᠵᠤ᠂ ᠪᠠᠶᠠᠰᠤᠩᠭᠤᠢ ᠰᠡᠳᠬᠢᠯᠭᠡ ᠪᠠᠨ ᠪᠠᠲᠤᠯᠠᠵᠤ᠂ ᠡᠷᠲᠡᠬᠡᠨ ᠡᠷᠡᠭᠦᠯᠵᠢᠬᠦ ᠪᠠᠷ ᠴᠢᠷᠮᠠᠶᠢᠭᠠᠷᠠᠢ ᠭᠡᠵᠦ ᠵᠠᠬᠢᠪᠠ  ᠃       ᠬᠤᠸᠠᠩ ᠶᠠᠨ ᠪᠢᠨ ᠶᠠᠷᠢᠶᠠᠨ ᠳᠠᠭᠠᠨ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠰ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠨᠢ ᠠᠬᠠᠮᠠᠳ ᠨᠥᠬᠦᠳ ᠤᠨ ᠬᠦᠴᠦ ᠬᠥᠳᠡᠯᠮᠦᠷᠢ ᠪᠣᠯᠤᠨ ᠬᠦᠴᠦ ᠬᠥᠳᠡᠯᠮᠦᠷᠢ ᠠᠴᠠ ᠰᠠᠯᠵᠤ ᠴᠢᠳᠠᠬᠤ ᠥᠬᠡᠶ ᠶᠤᠮ᠂ ᠲᠡᠳᠡᠨ ᠤ ᠣᠷᠳᠣ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ  ᠃ ᠲᠣᠬᠤᠨᠢᠭᠤᠯᠬᠤ ᠳᠠᠭᠠᠨ᠂ ᠬᠤᠸᠠᠩ ᠶᠠᠨ ᠪᠢᠨ ᠪᠠᠰᠠ ᠠᠬᠠᠮᠠᠳ ᠨᠥᠬᠦᠳ ᠵᠢᠴᠢ ᠲᠡᠳᠡᠨ ᠤ ᠬᠡᠷ ᠪᠦᠯᠢ ᠶᠢᠨ ᠬᠢᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠲᠡᠳᠡᠨ ᠤ ᠴᠠᠭᠠᠨ ᠰᠠᠷ᠎ᠠ ᠳᠠᠭᠠᠨ ᠥᠯᠵᠡᠶ ᠪᠡᠯᠭᠡ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠵᠥᠩᠨᠡᠪᠡ!       ᠡᠨᠡ ᠤᠳᠠᠭ᠎ᠠ ᠶᠢᠨ ᠡᠷᠬᠢᠨ ᠦᠵᠡᠭᠰᠡᠨ ᠨᠢ ᠠᠬᠠᠮᠠᠳ ᠺᠠᠳ᠋ᠷᠴᠤᠳ ᠲᠤ ᠬᠠᠬᠢᠷ ᠡᠪᠦᠯ ᠬᠠᠯᠠᠭᠤᠨ ᠳᠤᠯᠠᠭᠠᠨ ᠬᠦᠷᠭᠡᠭᠰᠡᠨ ᠢᠶᠠᠷ ᠪᠠᠷᠠᠬᠤ ᠦᠭᠡᠢ ᠲᠡᠳᠡᠨ ᠢ ᠠᠮᠢᠳᠤᠷᠠᠯ ᠤᠨ ᠲᠠᠯ᠎ᠠ ᠪᠠᠷ ᠬᠠᠪᠰᠤᠷᠤᠨ ᠲᠡᠳᠬᠦᠵᠦ᠂ ᠤᠶᠤᠨ ᠰᠠᠨᠠᠭᠠᠨ ᠤ ᠲᠠᠯ᠎ᠠ ᠪᠠᠷ ᠵᠣᠷᠢᠭᠵᠢᠭᠤᠯᠵᠤ᠂ ᠭᠤᠷᠪᠠᠨ ᠠᠬᠠᠮᠠᠳ ᠺᠠᠳ᠋ᠷ ᠵᠢᠴᠢ ᠲᠡᠳᠡᠨ ᠤ ᠭᠡᠷ ᠪᠦᠯᠢ ᠶᠢᠨ ᠬᠢᠨ ᠴᠥᠮ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠠᠶᠢᠷ᠎ᠠ ᠬᠠᠯᠠᠮᠵᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号