ᠪᠡᠶ᠎ᠡ ᠪᠠᠨ ᠳᠠᠭᠠᠭᠠᠵᠤ ᠬᠦᠴᠦᠷᠬᠡᠭᠵᠢᠨ ᠤᠯᠤᠰ ᠣᠷᠣᠨ ᠤ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2023/1/29
  ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠨᠠᠮ ᠤᠨ ᠲᠥᠪ ᠬᠤᠷᠢᠶ᠎ᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠨᠡᠩ ᠢᠯᠡᠭᠦᠦ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠭᠰᠡᠨ ᠬᠦᠴᠦᠲᠡᠢ ᠲᠤᠯᠭᠠᠭᠤᠷᠢᠯᠠᠯ ᠪᠠ ᠳᠠᠭᠠᠭᠤᠯᠤᠯ ᠳᠤ ᠲᠦᠰᠢᠭᠯᠡᠬᠦ ᠶᠢ ᠨᠡᠩ ᠢᠯᠡᠭᠦᠦ ᠲᠤᠪᠤᠶᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠢ ᠴᠢᠭᠯᠡᠯ ᠢᠶᠠᠨ ᠣᠨᠣᠪᠴᠢᠲᠠᠢ ᠡᠷᠢᠵᠦ᠂ ᠪᠠᠶᠢᠷᠢ ᠲᠣᠭᠲᠠᠭᠠᠯᠲᠠ ᠪᠠ ᠭᠤᠣᠯᠳᠠᠯᠭ᠎ᠠ ᠪᠠᠨ ᠣᠨᠣᠪᠴᠢᠲᠠᠢ ᠤᠯᠬᠤ ᠬᠡᠷᠡᠭᠲᠡᠢ᠃       ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠪᠣᠯᠬᠤ  ᠶᠢ ᠳᠡᠮᠵᠢᠨ᠎ᠡ     ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ  ᠃    《 ᠠᠵᠤ ᠠᠬᠤᠶᠢᠯᠠᠯ ᠨᠢ ᠮᠡᠷᠭᠡᠵᠢᠯ ᠤᠨ ᠰᠢᠨ᠎ᠡ ᠶᠢ ᠡᠭᠦᠳᠬᠦ ᠰᠢᠶᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠣᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠳᠤᠮᠳᠠᠬᠢ ᠭᠤᠤᠯ ᠴᠣᠭᠴᠠ ᠪᠣᠯᠬᠤ ᠬᠡᠷᠡᠭᠲᠡᠶ  ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠶᠢᠳ ᠸᠠᠩ ᡁᠢ ᠭᠠᠩ ᠲᠠᠨᠢᠯᠴᠠᠭᠤᠯᠬᠤ ᠳᠠᠭᠠᠨ᠂ 2021 ᠣᠨ ᠤ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 860 ᠭᠠᠷᠤᠶ ᠲᠥᠷᠥᠯ ᠵᠦᠶᠯ ᠤᠨ ᠳᠣᠲᠣᠷ᠎ᠠ᠂ ᠠᠵᠤ ᠠᠬᠤᠶᠢᠯᠠᠯ ᠲᠦᠷᠦᠭᠦᠯᠡᠨ ᠣᠷᠣᠯᠴᠠᠭᠰᠠᠨ ᠪᠤᠶᠤ ᠣᠷᠣᠯᠴᠠᠭᠰᠠᠨ ᠨᠢ 680 ᠭᠠᠷᠤᠶ ᠪᠠᠶᠢᠵᠤ᠂ ᠡᠵᠡᠯᠡᠬᠦ ᠬᠠᠷᠢᠴᠠᠯ ᠨᠢ 79 % ᠳᠤ ᠬᠦᠷᠴᠡᠶ  ᠃ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠤᠨ ᠤᠯᠤᠰ ᠤᠨ ᠰᠢᠨ᠎ᠡ ᠶᠢ ᠡᠭᠦᠳᠬᠦ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠩ ᠶᠡᠭᠡ ᠬᠡᠪᠴᠢᠶ᠎ᠡ ᠨᠠᠩ ᠭᠦᠨ ᠬᠡᠮᠵᠢᠶ᠎ᠡ ᠪᠠᠷ ᠣᠷᠣᠯᠴᠠᠬᠤ ᠶᠢ ᠳᠡᠮᠵᠢᠵᠦ᠂ ᠠᠵᠤ ᠠᠬᠤᠶᠢᠯᠠᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠥᠪᠯᠡᠯᠭᠡ ᠥᠭᠬᠦ ᠶᠠᠷᠢᠯᠴᠠᠬᠤ ᠬᠤᠷᠠᠯ  ᠤᠨ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠡᠭᠡᠳᠦ ᠲᠠᠰ ᠤᠨ ᠣᠶᠤᠨ ᠤ ᠬᠥᠮᠥᠷᠭᠡ  ᠶᠢᠨ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶ᠎ᠡ ᠪᠠᠨ ᠳᠠᠭᠠᠭᠠᠵᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ  ᠃    《 ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠶᠤᠮ  ᠃ ᠰᠢᠨ ᠳ᠋ᠡ ᠠᠮᠢᠳᠤ ᠪᠣᠳᠠᠰ ᠤᠨ ᠡᠮ ᠦᠶᠯᠡᠳᠬᠦ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠪᠥᠭᠡᠳ CEO ᠢᠦ᠋ᠶ᠋ᠳᠧ ᠴᠤᠤ ᠲᠠᠨᠢᠯᠴᠠᠭᠤᠯᠬᠤ ᠳᠠᠭᠠᠨ᠂ ᠣᠶᠢᠷ᠎ᠠ ᠶᠢᠨ ᠵᠢᠯ ᠤᠳ ᠲᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠶᠯᠡᠰ ᠲᠤ ᠠᠵᠤ ᠠᠬᠤᠶᠢᠯᠠᠯ ᠤᠨ ᠣᠷᠣᠯᠴᠠᠬᠤ ᠶᠢ ᠵᠣᠷᠢᠭᠵᠢᠭᠤᠯᠵᠤ᠂ ᠺᠣᠮᠫᠠᠨᠢ ᠶᠢᠨ ᠮᠠᠰᠢ ᠣᠯᠠᠨ ᠰᠢᠨ᠎ᠡ ᠡᠮ ᠤᠨ ᠵᠦᠶᠯ ᠨᠢ ᠨᠢᠭᠡᠨᠲᠡ ᠤᠯᠤᠰ ᠤᠨ 《 ᠴᠢᠬᠤᠯᠠ ᠶᠡᠭᠡ ᠰᠢᠨ᠎ᠡ ᠡᠮ ᠢ ᠡᠭᠦᠳᠦᠨ ᠦᠶᠯᠡᠳᠬᠦ 》 ᠲᠤᠰᠬᠠᠶ ᠵᠦᠶᠯ ᠳᠤ ᠰᠣᠩᠭᠤᠭᠳᠠᠨ ᠤᠷᠤᠭᠰᠠᠨ ᠪᠠᠶᠢᠨ᠎ᠠ ᠭᠡᠵᠡᠶ  ᠃    《 2011 ᠣᠨ ᠳᠤ ᠺᠣᠮᠫᠠᠨᠢ ᠪᠠᠶᠢᠭᠤᠯᠤᠭᠳᠠᠬᠤ ᠦᠶ᠎ᠡ ᠳᠤ᠂ ᠵᠠᠷᠢᠮ ᠳᠡᠭᠡᠳᠦ ᠲᠠᠰ ᠤᠨ ᠥᠮᠡᠨ ᠳᠠᠷᠤᠬᠤ ᠡᠮ ᠢ ᠬᠥᠭᠵᠢᠭᠰᠡᠨ ᠤᠯᠤᠰ ᠲᠤ ᠨᠢᠭᠡᠨᠲᠡ ᠣᠯᠵᠤ ᠪᠣᠯᠤᠨ᠎ᠠ᠂ ᠭᠡᠲᠡᠯ᠎ᠡ ᠣᠯᠠᠩᠬᠢ ᠳᠤᠮᠳᠠᠳᠤ ᠤᠯᠤᠰ ᠤᠨ ᠡᠪᠡᠳᠴᠢᠲᠡᠨ ᠬᠠᠷᠢᠨ ᠬᠡᠷᠡᠭᠯᠡᠵᠦ ᠳᠡᠶᠢᠯᠬᠦ ᠥᠬᠡᠶ᠂ ᠬᠤᠳᠠᠯᠳᠤᠨ ᠠᠪᠴᠤ ᠳᠡᠶᠢᠯᠬᠦ ᠥᠬᠡᠶ ᠪᠠᠶᠢᠨ᠎ᠠ᠂ ᠡᠶᠢᠮᠦ ᠪᠠᠶᠢᠳᠠᠯ  ᠢ ᠵᠠᠪᠠᠯ ᠬᠤᠪᠢᠷᠠᠭᠤᠯᠬᠤ ᠬᠡᠷᠡᠭᠲᠡᠶ  ᠃ ᠪᠢᠳᠡ ᠠᠷᠠᠳ ᠣᠯᠠᠨ ᠤ ᠬᠡᠷᠡᠭᠯᠡᠵᠦ ᠪᠣᠯᠬᠤ ᠴᠢᠨᠠᠷ ᠰᠠᠶᠢᠲᠠᠶ ᠠᠮᠢᠳᠤ ᠪᠣᠳᠠᠰ  ᠤᠨ ᠡᠮ ᠢ ᠨᠡᠭᠡᠭᠡᠨ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠣᠲᠣ ᠨᠢᠭᠡᠨᠲᠡ 8 ᠵᠦᠶᠯ ᠤᠨ ᠦᠶᠯᠡᠳᠬᠦᠨ ᠢ ᠵᠠᠬ᠎ᠠ ᠳᠡᠯᠭᠡᠭᠦᠷ ᠲᠤ ᠭᠠᠷᠭᠠᠪᠠ᠂ ᠡᠭᠦᠨ ᠳᠤ 5 ᠵᠦᠶᠯ ᠢ ᠨᠢ ᠨᠢᠭᠡᠨᠲᠡ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠵᠠᠶ  ᠃ 》ᠢᠦ᠋ᠶ᠋ᠳᠧ ᠴᠤᠤ ᠶᠢᠨ ᠦᠵᠡᠬᠦ ᠪᠠᠷ᠂ ᠣᠶᠢᠷ᠎ᠠ ᠶᠢᠨ 10 ᠵᠢᠯ ᠠᠴᠠ ᠨᠠᠰᠢ᠂ ᠥᠮᠡᠨ ᠳᠠᠷᠤᠬᠤ ᠳᠡᠭᠡᠳᠦ ᠲᠠᠰ ᠤᠨ ᠡᠮ ᠤᠨ ᠡᠪᠡᠳᠴᠢᠲᠡᠨ ᠤ ᠳᠠᠷᠤᠭᠠᠰᠤ ᠶᠡᠭᠡ ᠪᠠᠷ ᠪᠠᠭᠤᠷᠠᠭᠰᠠᠨ ᠨᠢ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠰᠤᠷᠠᠯᠲᠠ ᠥᠬᠡᠶ ᠥᠭᠡᠷᠡᠴᠢᠯᠡᠯᠲᠡ ᠪᠠ ᠨᠢᠭᠡ ᠪᠦᠯᠦᠭ ᠤᠯᠤᠰ ᠲᠠᠭᠠᠨ ᠦᠶᠯᠡᠳᠪᠦᠷᠢᠯᠡᠭᠰᠡᠨ ᠡᠮ ᠤᠨ ᠠᠵᠤ ᠠᠬᠤᠶᠢᠯᠠᠯ ᠤᠨ ᠬᠥᠭᠵᠢᠯᠲᠡ ᠠᠴᠠ ᠪᠣᠯᠤᠭᠰᠠᠨ ᠶᠤᠮ ᠂ 《 ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠪᠣᠯ ᠡᠮ ᠤᠨ ᠦᠨ᠎ᠡ ᠶᠢ ᠪᠠᠭᠤᠷᠠᠭᠤᠯᠬᠤ ᠲᠦᠷᠭᠡᠳᠬᠡᠭᠦᠷ ᠮᠥᠨ᠂ ᠤᠯᠤᠰ ᠲᠠᠭᠠᠨ ᠦᠶᠯᠡᠳᠪᠦᠷᠢᠯᠡᠭᠰᠡᠨ ᠡᠮ ᠤᠨ ᠠᠵᠤ ᠠᠬᠤᠶᠢᠯᠠᠯ ᠤᠨ ᠬᠥᠭᠵᠢᠯᠲᠡ ᠪᠣᠯ ᠡᠮ ᠤᠨ ᠦᠨ᠎ᠡ  ᠶᠢ ᠪᠠᠭᠤᠷᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ  ᠃ ᠰᠢᠨ᠎ᠡ ᠨᠢᠭᠡ ᠵᠢᠯ ᠤᠨ ᠰᠢᠨ᠎ᠡ ᠶᠢ ᠡᠭᠦᠳᠬᠦ ᠠᠶᠠᠨ  ᠳᠤ᠂ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠢᠲᠡᠭᠡᠵᠦ ᠪᠠᠶᠢᠨ᠎ᠠ 》 ᠭᠡᠵᠦ ᠬᠡᠯᠡᠪᠡ  ᠃     ᠳᠡᠭᠡᠳᠦ ᠬᠡᠪ ᠴᠢᠨᠠᠷ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ     ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠬᠤ ᠬᠡᠷᠡᠭᠲᠡᠢ  ᠃    《 ᠥᠨᠳᠥᠷ ᠬᠡᠪ ᠪᠣᠯᠪᠠᠰᠤᠷᠠᠯ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠨᠢᠭᠡ ᠭᠤᠣᠯᠳᠠᠯᠭ᠎ᠠ ᠪᠣᠯᠤᠨ᠎ᠠ  ᠃》 ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠮᠡᠷᠭᠡᠵᠢᠯ ᠤᠨ ᠵᠢᠱᠢᠯᠲᠡ ᠬᠢᠭᠡᠳ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠰᠢᠤᠸᠠᠨ ᠵᠣᠣ ᠬᠤᠶ ᠶᠢᠨ ᠦᠵᠡᠬᠦ ᠪᠠᠷ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ᠂ ᠡᠩ ᠲᠡᠷᠢᠭᠦᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠪᠥᠬᠦ ᠬᠡᠯᠬᠢᠶ᠎ᠡ ᠪᠠᠷ ᠬᠥᠮᠦᠵᠢᠭᠦᠯᠬᠦ  ᠶᠢ ᠴᠢᠩᠭᠠᠳᠬᠠᠵᠤ᠂ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠥᠨᠳᠥᠷ ᠬᠡᠪ ᠪᠣᠯᠪᠠᠰᠤᠷᠠᠯ ᠲᠠᠢ ᠰᠢᠨᠵᠢᠯᠡᠬᠦ ᠤᠬᠠᠭᠠᠨᠲᠠᠨ ᠤ ᠢᠨᠵᠧᠨᠧᠷ ᠤᠨ ᠡᠩᠨᠡᠭᠡ᠂ ᠳᠡᠭᠡᠳᠦ ᠤᠷ᠎ᠠ ᠮᠡᠷᠭᠡᠵᠢᠯ ᠲᠠᠢ ᠴᠢᠳᠠᠪᠤᠷᠢᠲᠠᠨ ᠪᠠ ᠰᠢᠨ᠎ᠡ ᠶᠢ ᠡᠭᠦᠳᠴᠦ ᠦᠶᠯᠡᠰ ᠪᠤᠰᠬᠠᠬᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ︔ ᠳᠠᠷᠠᠭᠠᠯᠠᠪᠠᠯ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢᠶᠠᠷ ᠠᠴᠢᠶᠠᠯᠠᠪᠤᠷᠢ ᠪᠣᠯᠭᠠᠵᠤ᠂ ᠥᠨᠳᠥᠷ ᠬᠡᠪ ᠴᠢᠨᠠᠷ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠪᠠ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠳᠤ ᠲᠦᠰᠢᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ ᠪᠣᠶᠢᠵᠢᠭᠤᠯᠵᠤ᠂ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠰᠤᠳᠤᠯᠤᠨ ᠨᠡᠭᠡᠭᠡᠬᠦ ᠳᠤ ᠲᠦᠰᠢᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ  ᠢ ᠬᠥᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠪᠠ ᠠᠴᠢᠶᠠᠯᠠᠪᠤᠷᠢ  ᠶᠢᠨ ᠪᠠᠶᠢᠭᠤᠯᠤᠯᠲᠠ ᠳᠤ ᠲᠦᠰᠢᠭᠯᠡᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠢ ᠬᠥᠮᠦᠵᠢᠭᠦᠯᠦᠨ᠎ᠡ  ᠃     《 ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ  ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ ᠭᠡᠵᠦ ᠳᠤᠷᠠᠳᠴᠠᠢ  ᠃》 ᠡᠨᠡ ᠬᠦ ᠥᠭᠦᠯᠡᠯᠲᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠭᠤᠷᠪᠠ ᠶᠢᠨ ᠬᠤᠭᠤᠷᠣᠨᠳᠣᠬᠢ ᠬᠠᠷᠢᠯᠴᠠᠨ ᠠᠬᠢᠭᠤᠯᠵᠤ᠂ ᠬᠠᠷᠢᠯᠴᠠᠨ ᠠᠬᠢᠭᠤᠯᠬᠤ ᠬᠤᠯᠪᠣᠯᠳᠤᠭᠰᠠᠨ ᠬᠠᠷᠢᠴᠠᠭ᠎ᠠ ᠶᠢ ᠭᠦᠨᠵᠡᠭᠡᠶ ᠢᠯᠡᠷᠡᠭᠦᠯᠦᠭᠰᠡᠨ ᠪᠥᠭᠡᠳ ᠪᠠᠰᠠ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠭᠯᠡᠯ ᠪᠠ ᠠᠷᠭ᠎ᠠ ᠵᠠᠮ ᠢ ᠲᠣᠳᠣᠷᠬᠠᠶ ᠵᠢᠭᠠᠵᠤ ᠥᠭᠴᠡᠶ  ᠃ ᠲᠦᠩ ᠵᠢᠢ ᠶᠡᠭᠡ ᠰᠤᠷᠭᠠᠭᠤᠯᠢ ᠶᠢᠨ ᠠᠵᠤ ᠠᠬᠤᠢ ᠪᠣᠯᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠱᠠᠩᠬᠠᠢ ᠬᠤᠳᠠ ᠶᠢᠨ ᠠᠵᠤ ᠦᠢᠯᠡᠰ ᠤᠨ ᠰᠢᠨ᠎ᠡ  ᠶᠢ ᠡᠭᠦᠳᠬᠦ ᠠᠮᠢ ᠠᠬᠤᠢ ᠶᠢᠨ ᠰᠢᠰᠲ᠋ᠧᠮ ᠤᠨ ᠰᠤᠳᠤᠯᠭᠠᠨ ᠤ ᠲᠥᠪ ᠤᠨ ᠭᠦᠢᠴᠡᠳᠬᠡᠭᠴᠢ ᠡᠷᠬᠢᠯᠡᠭᠴᠢ ᠴᠧᠨ ᠴᠢᠶᠠᠩ ᠬᠡᠯᠡᠪᠡ  ᠃      ᠴᠧᠨ ᠴᠢᠶᠠᠩ ᠤᠨ ᠦᠵᠡᠬᠦ ᠪᠠᠷ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠨᠢ ᠣᠯᠠᠨ ᠲᠥᠷᠥᠯ ᠬᠡᠯᠪᠡᠷᠢ ᠶᠢᠨ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠳᠤ ᠬᠤᠯᠪᠣᠭᠳᠠᠵᠤ᠂ ᠲᠡᠭᠦᠨ ᠤ ᠥᠷᠲᠡᠭ ᠤᠨ ᠬᠠᠨᠳᠤᠰᠢ᠂ ᠴᠢᠳᠠᠪᠤᠷᠢ ᠶᠢᠨ ᠰᠠᠭᠤᠷᠢ᠂ ᠡᠭᠦᠷᠭᠡ ᠶᠢᠨ ᠪᠦᠲᠦᠴᠡ᠂ ᠠᠵᠢᠯᠯᠠᠭᠠᠨ ᠤ ᠠᠷᠭ᠎ᠠ ᠮᠠᠶ᠋ᠢᠭ ᠨᠢ ᠠᠳᠠᠯᠢ ᠪᠤᠰᠤ ᠪᠠᠶᠢᠵᠤ᠂ ᠣᠳᠣᠬᠠᠨ ᠤ ᠬᠠᠮᠲᠤᠷᠠᠯᠴᠠᠭᠠᠨ ᠤ ᠵᠠᠭᠪᠤᠷ ᠨᠢ ᠨᠡᠯᠢᠶᠡᠳ ᠲᠠᠩ ᠴᠤᠯᠭᠤᠶ᠂ ᠬᠠᠮᠵᠢᠯᠴᠠᠬᠤ ᠲᠣᠭᠲᠠᠴᠠ ᠨᠢ ᠲᠡᠶᠢᠮᠦ ᠪᠠᠲᠤ ᠴᠢᠩᠭ᠎ᠠ ᠪᠢᠰᠢ ᠪᠠᠶᠢᠨ᠎ᠠ  ᠃ ᠲᠡᠭᠦᠨ ᠤ ᠬᠠᠮᠵᠢᠯᠴᠠᠬᠤ ᠬᠦᠰᠡᠯ ᠰᠠᠨᠠᠭ᠎ᠠ ᠶᠢ ᠬᠥᠭᠵᠢᠭᠡᠵᠦ᠂ ᠲᠡᠭᠦᠨ ᠤ ᠬᠠᠷᠢᠯᠴᠠᠭ᠎ᠠ ᠪᠠ ᠬᠤᠷᠰᠢᠯ ᠢ ᠴᠢᠩᠭᠠᠳᠬᠠᠵᠤ᠂ ᠲᠡᠭᠦᠨ ᠤ ᠵᠣᠬᠢᠶᠠᠨ ᠪᠠᠶᠢᠭᠤᠯᠤᠯᠲᠠ ᠪᠠ ᠬᠠᠮᠵᠢᠯᠴᠠᠬᠤ ᠦᠷ᠎ᠡ ᠪᠦᠲᠦᠮᠵᠢ ᠶᠢ ᠴᠢᠩᠭᠠᠳᠬᠠᠵᠤ᠂ ᠣᠨᠴᠠ ᠲᠣᠭᠲᠠᠭᠰᠠᠨ ᠬᠦᠷᠢᠶᠡᠨ ᠳᠤ ᠬᠠᠨᠳᠤᠭᠤᠯᠤᠭᠰᠠᠨ ᠦᠷᠭᠦᠯᠵᠢᠯᠡᠨ ᠰᠢᠪᠲᠤᠯᠬᠤ ᠴᠢᠳᠠᠪᠤᠷᠢ ᠶᠢ ᠪᠦᠷᠢᠯᠳᠦᠭᠦᠯᠬᠦ ᠪᠣᠯ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠪᠠᠶᠢᠭᠤᠯᠬᠤ ᠶᠢᠨ ᠵᠠᠩᠭᠢᠯᠠᠭ᠎ᠠ ᠪᠣᠯᠤᠨ᠎ᠠ  ᠃ ᠬᠤᠶᠢᠰᠢᠳᠠ  ᠶᠢᠨ ᠨᠢᠭᠡ ᠬᠤᠭᠤᠴᠠᠭᠠᠨ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯᠡᠰ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠦᠴᠦᠨ ᠤ ᠭᠤᠣᠯ ᠰᠢᠪᠲᠤᠯᠬᠤ ᠴᠢᠭᠯᠡᠯ ᠢ ᠲᠣᠳᠣᠷᠬᠠᠢ ᠪᠣᠯᠭᠠᠬᠤ ᠬᠡᠷᠡᠭᠲᠡᠢ︔ ᠬᠠᠮ ᠰᠢᠨᠵᠢᠯᠡᠬᠦ ᠤᠬᠠᠭᠠᠨ ᠤ ᠲᠣᠨᠣᠭᠯᠠᠯ ᠳᠤ ᠲᠦᠰᠢᠭᠯᠡᠨ᠂ ᠬᠠᠮ ᠰᠢᠨᠵᠢᠯᠡᠬᠦ ᠤᠬᠠᠭᠠᠨ ᠤ ᠲᠥᠯᠥᠪᠯᠡᠭᠡ ᠪᠣᠯᠤᠨ ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠢ ᠲᠥᠰᠦᠪᠯᠡᠨ ᠵᠣᠬᠢᠶᠠᠨ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠦᠴᠦᠨ ᠤ ᠬᠠᠮᠵᠢᠯᠴᠠᠨ ᠪᠡᠷᠬᠡ ᠰᠡᠳᠦᠪ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠬᠦ ᠬᠡᠷᠡᠭᠲᠡᠢ︔ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠳᠤ ᠬᠠᠨᠳᠤᠭᠤᠯᠤᠨ᠂ ᠤᠯᠤᠰ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠴᠢᠳᠠᠮᠵᠢᠳᠤ ᠴᠢᠨᠠᠷᠲᠠᠢ ᠬᠦᠢᠰᠦ ᠶᠢ ᠲᠦᠷᠭᠡᠪᠴᠢᠯᠡᠨ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠬᠢᠭᠡᠳ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢᠨ ᠦᠢᠯᠡᠳᠦᠯᠴᠡᠯ  ᠢ ᠴᠢᠩᠭᠠᠳᠬᠠᠬᠤ ᠬᠡᠷᠡᠭᠲᠡᠢ  ᠃       ᠥᠨᠳᠥᠷ ᠲᠦᠪᠰᠢᠨ ᠪᠥᠬᠦᠶ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠠᠮᠢ ᠠᠬᠤᠶ ᠶᠢ ᠪᠥᠲᠥᠭᠡᠨ ᠪᠠᠶᠢᠭᠤᠯᠤᠶ᠎ᠠ      ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ᠂ ᠳᠡᠯᠡᠬᠡᠢ ᠶᠢᠨ ᠲᠡᠷᠢᠭᠦᠨ ᠤ ᠲᠦᠪᠰᠢᠨ ᠪᠦᠬᠦᠢ ᠰᠢᠨ᠎ᠡ ᠶᠢ ᠡᠭᠦᠳᠬᠦ ᠦᠢᠯᠡᠰ ᠪᠤᠰᠬᠠᠬᠤ ᠠᠮᠢ ᠠᠬᠤᠢ ᠶᠢ ᠪᠤᠢ ᠪᠣᠯᠭᠠᠬᠤ ᠬᠡᠷᠡᠭᠲᠡᠢ  ᠃    《 ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠪᠣᠯ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠠᠵᠤ ᠠᠬᠤᠢ ᠶᠢᠨ ᠤᠶᠠᠯᠳᠤᠯ ᠢ ᠠᠬᠢᠭᠤᠯᠬᠤ ᠪᠦᠲᠦᠮᠵᠢᠲᠡᠢ ᠬᠤᠯᠪᠣᠭᠠᠰᠤ ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠥᠷᠭᠡᠳᠬᠡᠬᠦ ᠴᠢᠬᠤᠯᠠ ᠲᠤᠯᠭᠠᠭᠤᠷᠢᠯᠠᠯ ᠮᠥᠨ᠂ ᠪᠠᠰᠠ ᠴᠤ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠪᠣᠯᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠬᠦᠴᠦᠨ ᠮᠥᠨ  ᠃》 ᠸᠠᠩ ᡁᠢ ᠭᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠰᠢᠨ᠎ᠡ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠶᠢ ᠪᠠᠷᠢᠮᠲᠠᠯᠠᠨ᠎ᠠ  ᠃ ᠨᠢᠭᠡ ᠲᠠᠯ᠎ᠠ ᠪᠠᠷ᠂ ᠰᠢᠨ᠎ᠡ ᠮᠡᠷᠭᠡᠵᠢᠯ᠂ ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢᠶᠠᠷ ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠦᠶᠯᠡᠳᠬᠦ ᠦᠶᠯᠡᠰ ᠤᠨ ᠲᠣᠭᠠᠴᠢᠯᠠᠭᠰᠠᠨ᠂ ᠪᠣᠬᠢᠷᠲᠤᠯ ᠥᠬᠡᠶ᠂ ᠤᠶᠤᠨᠴᠢᠯᠠᠭᠰᠠᠨ ᠲᠡᠶᠢᠰᠢ ᠲᠦᠷᠭᠡᠨ ᠬᠥᠭᠵᠢᠬᠦ ᠶᠢ ᠠᠬᠢᠭᠤᠯᠤᠨ᠎ᠠ︔ ᠨᠥᠭᠦᠭᠡ ᠲᠠᠯ᠎ᠠ ᠪᠠᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠲᠦᠰᠢᠭᠯᠡᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠪᠥᠭᠡᠮᠨᠡᠷᠡᠯ ᠢ ᠪᠣᠶ ᠪᠣᠯᠭᠠᠵᠤ᠂ ᠢᠷᠡᠭᠡᠳᠦᠶ ᠶᠢᠨ ᠠᠵᠤ ᠦᠶᠯᠡᠰ ᠤᠨ ᠬᠥᠭᠵᠢᠯᠲᠡ ᠶᠢ ᠪᠠᠶᠢᠷᠢᠰᠢᠭᠤᠯᠤᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠪᠠ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠪᠤᠵᠠᠭᠠᠶᠢᠷᠠᠭᠤᠯᠤᠨ᠎ᠠ  ᠃    《 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠪᠣᠯ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠢᠯᠠᠰ ᠴᠡᠭ ᠪᠣᠯᠤᠨ᠎ᠠ  ᠃》 ᠰᠢᠤᠸᠠᠨ ᠵᠣᠣ ᠾᠤᠢ ᠬᠡᠯᠡᠬᠦ ᠳᠡᠭᠡᠨ᠂ ᠰᠢᠨ᠎ᠡ ᠨᠢᠭᠡ ᠵᠢᠯ ᠳᠤ ᠣᠯᠠᠨ ᠲᠠᠰ ᠳᠠᠪᠬᠤᠷᠭ᠎ᠠ ᠪᠥᠬᠦᠶ ᠪᠥᠬᠦ ᠲᠠᠯ᠎ᠠ ᠶᠢᠨ ᠪᠣᠰᠤᠭ᠎ᠠ ᠴᠣᠭᠴᠠᠲᠤ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠯ ᠢ ᠪᠠᠶᠢᠭᠤᠯᠬᠤ ᠴᠢᠬᠤᠯᠠᠲᠠᠶ᠂ 《 ᠪᠡᠭᠡᠵᠢᠩ᠂ ᠱᠠᠩᠬᠠᠶ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠳᠡᠯᠡᠬᠡᠶ ᠳᠡᠭᠡᠷᠡᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠬᠥᠲᠥᠯᠥᠨ ᠳᠠᠭᠠᠭᠤᠯᠬᠤ᠂ ᠳᠠᠶᠢᠴᠢᠯᠠᠬᠤ ᠪᠠ ᠳᠠᠶᠢᠴᠢᠯᠠᠬᠤ ᠦᠶᠯᠡᠳᠦᠯ ᠢ ᠳᠣᠪᠣᠶᠢᠯᠭᠠᠬᠤ ᠬᠡᠷᠡᠭᠲᠡᠶ︔ ᠴᠧᠩᠳᠦ᠋ ᠴᠦᠩᠴᠢᠩ᠂ ᠦᠬᠠᠨ ᠤ ᠰᠠᠭᠤᠷᠢᠨ ᠳᠡᠭᠡᠷ᠎ᠡ᠂ ᠪᠦᠬᠦ ᠤᠯᠤᠰ ᠲᠤ ᠨᠥᠯᠥᠭᠡᠯᠡᠬᠦ ᠬᠦᠴᠦᠨ ᠲᠠᠢ ᠨᠡᠩ ᠤᠯᠠᠨ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠣᠭᠴᠠᠯᠠᠬᠤ ᠬᠡᠷᠡᠭᠲᠡᠢ︔ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠠᠷ ᠭᠠᠷᠳᠠᠴᠠ ᠪᠣᠯᠭᠠᠵᠤ᠂ ᠰᠢᠨ᠎ᠡ  ᠶᠢ ᠡᠭᠦᠳᠬᠦ ᠬᠡᠯᠪᠡᠷᠢ ᠶᠢᠨ ᠮᠤᠵᠢ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ 》  ᠃   《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠨᠢ ᠡᠭᠦᠳᠡ ᠪᠠᠨ ᠲᠦᠭᠵᠢᠵᠦ ᠲᠡᠷᠭᠡ ᠦᠢᠯᠡᠳᠬᠦ ᠶᠠᠪᠤᠳᠠᠯ ᠪᠢᠰᠢ᠂ ᠤᠯᠤᠰ ᠤᠨ ᠰᠢᠨ᠎ᠡ ᠶᠢ ᠡᠭᠦᠳᠬᠦ ᠰᠢᠰᠲᠧᠮ ᠨᠢ ᠦᠷᠭᠦᠯᠵᠢᠯᠡᠨ ᠨᠡᠩ ᠥᠨᠳᠥᠷ ᠲᠦᠪᠰᠢᠨ ᠪᠦᠬᠦᠢ ᠨᠡᠭᠡᠭᠡᠯᠲᠡ ᠪᠠ ᠨᠡᠩ ᠭᠦᠨᠵᠡᠭᠡᠢ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤᠮᠳᠠ ᠠᠴᠠ ᠡᠨᠧᠷᠭᠢ ᠰᠢᠩᠭᠡᠭᠡᠨ ᠠᠪᠬᠤ ᠶᠢ ᠱᠠᠭᠠᠷᠳᠠᠨ᠎ᠠ  ᠃》 ᠴᠧᠨ ᠴᠢᠶᠠᠩ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠳᠤ᠂ ᠲᠦᠷᠢᠮ ᠲᠣᠭᠲᠠᠭᠠᠯ᠂ ᠬᠠᠮᠢᠶᠠᠷᠤᠯᠲᠠ ᠪᠠ ᠪᠠᠷᠢᠮᠵᠢᠶ᠎ᠠ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠥᠨᠳᠥᠷ ᠲᠦᠪᠰᠢᠨ ᠪᠦᠬᠦᠢ ᠲᠦᠷᠢᠮ ᠤᠨ ᠮᠠᠶ᠋ᠢᠭ ᠤᠨ ᠨᠡᠭᠡᠭᠡᠯᠳᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤᠮᠳᠠ ᠨᠡᠩ ᠤᠯᠠᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠤᠯᠬᠤ ᠬᠡᠷᠡᠭᠲᠡᠢ︔ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠡᠰᠢᠵᠢᠭᠰᠡᠨ ᠬᠠᠮᠲᠤᠷᠠᠯᠴᠠᠭᠠᠨ ᠤ ᠠᠷᠭ᠎ᠠ ᠵᠠᠮ ᠢ ᠪᠠᠶᠢᠭᠤᠯᠵᠤ᠂ ᠠᠮᠢᠳᠤᠯᠢᠭ ᠤᠯᠠᠨ ᠶᠠᠩᠵᠤ ᠶᠢᠨ ᠬᠠᠮᠲᠤᠷᠠᠯᠴᠠᠭᠠᠨ ᠤ ᠠᠷᠭ᠎ᠠ ᠪᠤᠳᠤᠯᠭ᠎ᠠ ᠶᠢ ᠰᠦᠪᠡᠭᠴᠢᠯᠡᠵᠦ ᠂ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠵᠦ᠂ ᠪᠦᠬᠦ ᠪᠥᠮᠪᠥᠷᠴᠡᠭ ᠤᠨ ᠰᠢᠨ᠎ᠡ  ᠶᠢ ᠡᠭᠦᠳᠬᠦ ᠲᠣᠣᠷ ᠢ ᠭᠦᠨᠵᠡᠭᠡᠢ ᠰᠢᠭᠢᠳᠬᠡᠶ᠎ᠡ︔ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠬᠠᠮ ᠰᠢᠨᠵᠢᠯᠡᠬᠦ ᠤᠬᠠᠭᠠᠨ ᠤ ᠲᠣᠨᠣᠭᠯᠠᠯ ᠳᠤ ᠲᠦᠰᠢᠭᠯᠡᠨ᠂ ᠤᠯᠠᠨ ᠤᠯᠤᠰ ᠤᠨ ᠬᠠᠮ ᠰᠢᠨᠵᠢᠯᠡᠬᠦ ᠤᠬᠠᠭᠠᠨ ᠤ ᠲᠥᠯᠥᠪᠯᠡᠭᠡ ᠶᠢ ᠲᠥᠰᠦᠪᠯᠡᠨ ᠵᠣᠬᠢᠶᠠᠨ ᠪᠠᠶᠢᠭᠤᠯᠵᠤ᠂ ᠪᠦᠬᠦ ᠪᠥᠮᠪᠥᠷᠴᠡᠭ ᠤᠨ ᠰᠣᠳᠣᠨ ᠴᠢᠳᠠᠪᠤᠷᠢᠲᠠᠨ ᠢ ᠲᠠᠲᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠳᠤ ᠪᠤᠶᠠᠨ ᠦᠢᠯᠡᠳᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号