ᠠᠯᠠᠱᠠ ᠠᠶᠢᠮᠠᠭ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/1/5
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ  ᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠰᠢᠨ᠎ᠡ ᠶᠢ ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ  ᠃ ᠡᠨᠡ ᠨᠢ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠤᠷᠤᠭᠰᠢᠯᠠᠬᠤ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ  ᠃      ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠳᠡᠰ ᠳᠡᠪᠰᠢᠭᠦᠯᠦᠨ ᠡᠭᠦᠳᠦᠨ ᠪᠠᠶᠢᠭᠤᠯᠬᠤ ᠠᠵᠢᠯ ᠴᠢᠬᠤᠯᠠ ᠶᠡᠭᠡ ᠠᠬᠢᠴᠠ ᠲᠠᠢ ᠪᠣᠯᠪᠠ︔ ᠠᠯᠠᠱᠠ ᠠᠶᠢᠮᠠᠭ ᠤᠨ ᠱᠠᠩ ᠷᠦᠩ ᠶᠤᠸᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ  ᠳᠤ ᠫᠠᠶᠢᠰᠠ ᠡᠯᠭᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ  ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠳᠡᠮᠵᠢᠯᠭᠡ ᠶᠢ ᠤᠯᠪᠠ︔ 《 ᠬᠠᠷ᠎ᠠ ᠵᠢᠮᠢᠰ ᠴᠢᠨ᠋‌‍ᠸ᠎ᠠ ᠶᠢᠨ ᠬᠠᠷᠮᠠᠭ  ᠢ ᠪᠣᠶᠢᠵᠢᠭᠤᠯᠤᠨ ᠪᠣᠶᠢᠵᠢᠭᠤᠯᠬᠤ ᠮᠡᠷᠭᠡᠵᠢᠯ ᠵᠢᠴᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ 》 ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠭᠤᠷᠪᠠᠳᠤᠭᠠᠷ ᠳᠡᠰ ᠤᠨ ᠱᠠᠩᠨᠠᠯ ᠢ ᠬᠦᠷᠳᠡᠪᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠡᠨᠡ ᠠᠷᠪᠠᠨ ᠵᠢᠯ ᠪᠣᠯ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠᠷ ᠬᠠᠮᠤᠭ ᠤᠨ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠬᠠᠮᠤᠭ ᠤᠨ ᠲᠦᠷᠭᠡᠨ ᠳᠡᠭᠡᠭᠰᠢᠯᠡᠭᠰᠡᠨ ᠠᠷᠪᠠᠨ ᠵᠢᠯ ᠪᠣᠯᠤᠨ᠎ᠠ  ᠃      ᠠᠷᠪᠠᠨ ᠵᠢᠯ ᠤᠨ ᠲᠤᠷᠰᠢ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠦᠶᠴᠡᠳᠬᠡᠯ ᠲᠤᠭ᠎ᠠ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2021 ᠣᠨ ᠳᠤ ᠪᠥᠬᠦ ᠠᠶᠢᠮᠠᠭ ᠤᠨ R D ᠵᠠᠷᠤᠳᠠᠯ ᠤᠨ ᠣᠷᠣᠭᠤᠯᠤᠯᠲᠠ 1 . 05 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠠᠶᠢᠮᠠᠭ ᠤᠨ ᠡᠳ᠋  ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ 4143 ᠲᠦᠮᠡᠨ ᠲᠥᠭᠦᠷᠢᠭ ᠲᠤ ᠬᠦᠷᠴᠡᠶ  ᠃      ᠠᠷᠪᠠᠨ ᠵᠢᠯ ᠤᠨ ᠲᠤᠷᠰᠢ᠂ ᠠᠯᠠᠱᠠ ᠠᠶᠢᠮᠠᠭ ᠰᠢᠨ᠎ᠡ ᠶᠢ ᠡᠭᠦᠳᠬᠦ ᠲᠠᠪᠴᠠᠩ ᠢ ᠲᠠᠰᠤᠷᠠᠯᠲᠠ ᠥᠬᠡᠶ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠤᠰᠢᠭᠤᠯᠬᠤ ᠴᠢᠳᠠᠪᠤᠷᠢ ᠶᠢ ᠨᠡᠮᠡᠭᠳᠡᠭᠦᠯᠪᠡ  ᠃ ᠤᠷᠢᠳ ᠬᠤᠵᠢᠳ ᠠᠯᠠᠱᠠ ᠶᠢᠨ ᠴᠢᠩ ᠬᠤᠸᠠ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠡᠮᠡᠭᠡ ᠰᠤᠳᠤᠯᠬᠤ ᠬᠦᠷᠢᠶᠡᠯᠡᠩ᠂ ᠴᠠᠭᠠᠨ ᠨᠣᠯᠣᠣᠷᠳᠣ ᠢᠮᠠᠭᠠᠨ ᠤ ᠠᠵᠤ ᠦᠶᠯᠡᠰ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠳᠡᠮᠵᠢᠪᠡ  ᠃ ᠣᠳᠣᠬᠠᠨ ᠳᠤ᠂ ᠪᠥᠬᠦ ᠠᠶᠢᠮᠠᠭ  ᠤᠨ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠨᠢᠭᠡᠨᠲᠡ 260 ᠪᠣᠯᠪᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠡᠶᠢᠲᠡ 64 ᠪᠠᠶᠢᠨ᠎ᠠ︔ ᠪᠦᠬᠦ ᠠᠶᠢᠮᠠᠭ ᠤᠨ ᠠᠩᠬᠠᠳᠠᠭᠴᠢ ᠮᠡᠷᠭᠡᠵᠢᠯ ᠤᠨ ᠠᠷᠠᠯᠵᠢᠶᠠᠨ ᠤ ᠦᠷ᠎ᠡ ᠪᠦᠲᠦᠭᠡᠯ ᠢ ᠤᠯᠠᠷᠢᠭᠤᠯᠬᠤ ᠲᠥᠪ ᠢ ᠪᠠᠶᠢᠭᠤᠯᠵᠤ᠂ ᠮᠡᠷᠭᠡᠵᠢᠯ ᠤᠨ ᠠᠷᠠᠯᠵᠢᠶ᠎ᠠ᠂ ᠦᠷ᠎ᠡ ᠪᠦᠲᠦᠭᠡᠯ ᠢ ᠤᠯᠠᠷᠢᠭᠤᠯᠬᠤ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠲᠤᠰᠬᠠᠢ ᠮᠡᠷᠭᠡᠵᠢᠯᠲᠡᠨ ᠤ ᠯᠠᠪᠯᠠᠭ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠬᠠᠩᠭᠠᠨ᠎ᠠ︔ ᠨᠡᠶᠢᠲᠡ 244 ᠵᠦᠶᠯ ᠤᠨ ᠲᠤᠰᠬᠠᠶ ᠠᠰᠢᠭ᠂ ᠵᠥᠭᠡᠯᠡᠨ ᠲᠣᠨᠤᠭ ᠤᠨ ᠮᠡᠷᠭᠡᠵᠢᠯ ᠢ ᠨᠡᠶᠢᠲᠡᠯᠡᠵᠦ᠂ ᠨᠢᠭᠡᠨᠲᠡ 110 ᠵᠦᠶᠯ ᠢ ᠠᠮᠵᠢᠯᠲᠠ ᠲᠠᠢ ᠠᠷᠠᠯᠵᠢᠶᠠᠯᠠᠪᠠ  ᠃     ᠳᠡᠯᠡᠬᠡᠢ ᠶᠢᠨ ᠬᠠᠮᠤᠭ ᠤᠨ ᠶᠡᠭᠡ ᠦᠢᠯᠡᠳᠪᠦᠷᠢᠯᠡᠬᠦ ᠴᠢᠳᠠᠪᠤᠷᠢ ᠲᠠᠢ ᠲᠡᠮᠦᠷᠯᠢᠭ ᠨᠠᠳ᠋ᠷᠢ᠂ ᠢᠨᠳᠢᠭᠤ ᠦᠢᠯᠡᠳᠪᠦᠷᠢᠯᠡᠬᠦ ᠰᠠᠭᠤᠷᠢᠨ ᠢ ᠪᠠᠶᠢᠭᠤᠯᠪᠠ︔ ᠳᠠᠪᠤᠰᠤ ᠬᠢᠮᠢ ᠶᠢᠨ ᠠᠵᠤ ᠦᠶᠯᠡᠳᠪᠦᠷᠢ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠨᠠᠷᠢᠯᠢᠭ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ︔ ᠴᠠᠭᠠᠨ ᠭᠤᠶᠣᠣ ᠶᠢᠨ ᠣᠯᠠᠨᠴᠢ ᠰᠢᠬᠢᠷ᠂ ᠡᠯᠢᠭᠡ ᠶᠢ ᠰᠢᠮᠡᠵᠢᠭᠦᠯᠬᠦ ᠵᠥᠭᠡᠯᠡᠨ ᠬᠤᠮᠵᠢᠶ᠎ᠠ ᠵᠡᠷᠭᠡ ᠵᠠᠭᠤ ᠭᠠᠷᠤᠢ ᠵᠦᠢᠯ ᠤᠨ ᠰᠢᠨ᠎ᠡ ᠪᠦᠲᠦᠭᠡᠭᠳᠡᠬᠦᠨ ᠢ ᠠᠮᠵᠢᠯᠲᠠ ᠲᠠᠢ ᠪᠠᠷ ᠨᠡᠭᠡᠭᠡᠨ ᠠᠰᠢᠭᠯᠠᠵᠤ ᠰᠤᠳᠤᠯᠤᠨ ᠪᠦᠲᠦᠭᠡᠪᠡ︔ 《 ᠰᠡᠨᠳᠡᠷ 5 ᠠᠮᠲᠠᠲᠤ ᠲᠠᠯᠬ᠎ᠠ 》 ᠵᠡᠷᠭᠡ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠨᠠᠶᠢᠷᠠᠯᠲᠠ  ᠶᠢᠨ ᠰᠢᠨ᠎ᠡ ᠶᠢ ᠡᠭᠦᠳᠦᠨ ᠬᠡᠷᠡᠭᠯᠡᠪᠡ ᠠᠷᠪᠠᠨ ᠵᠢᠯ ᠤᠨ ᠬᠤᠭᠤᠴᠠᠭᠠᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ  ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠠᠯᠠᠱᠠ ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠪᠡ  ᠃ ᠣᠳᠣᠬᠠᠨ ᠳᠤ᠂ ᠪᠥᠬᠦ ᠠᠶᠢᠮᠠᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 121 ᠳᠡᠩᠰᠡᠯᠡᠵᠦ᠂ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 184 ᠳᠡᠩᠰᠡᠯᠡᠪᠡ︔ ᠮᠡᠷᠭᠡᠵᠢᠯ ᠤᠨ ᠭᠡᠷ᠎ᠡ ᠶᠢ 421 ᠵᠦᠶᠯ ᠮᠠᠭᠠᠳᠯᠠᠨ ᠲᠣᠭᠲᠠᠭᠠᠵᠤ ᠳᠡᠩᠰᠡᠯᠡᠨ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 30 . 82 ᠳ᠋ᠦᠩᠰᠢᠭᠤᠷ ᠲᠥᠭᠦᠷᠢᠭ ᠲᠤ ᠬᠦᠷᠴᠦ᠂ ᠮᠡᠷᠭᠡᠵᠢᠯ ᠤᠨ ᠠᠷᠠᠯᠵᠢᠶ᠎ᠠ ᠶᠢᠨ ᠲᠤᠭ᠎ᠠ 1 . 840 ᠳ᠋ᠦᠩᠰᠢᠭᠤᠷ ᠲᠥᠭᠦᠷᠢᠭ ᠲᠤ ᠬᠥᠷᠪᠡ  ᠃      ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ  ᠃ ᠠᠷᠪᠠᠨ ᠵᠢᠯ ᠤᠨ ᠲᠤᠷᠰᠢ᠂ ᠠᠯᠠᠱᠠ ᠠᠶᠢᠮᠠᠭ ᠤᠶᠠᠨ ᠴᠢᠨᠠᠷᠲᠠᠶ ᠪᠠᠷ ᠣᠶᠤᠨ ᠤᠬᠠᠭᠠᠨ ᠣᠷᠣᠭᠤᠯᠵᠤ ᠠᠪᠴᠢᠷᠠᠬᠤ ᠬᠠᠮᠲᠤᠷᠠᠯᠴᠠᠭᠠᠨ ᠤ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠥᠲᠥᠭᠡᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠤᠨ ᠪᠠᠶᠢᠷᠢᠰᠢᠭᠤᠯᠵᠤ᠂ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠠᠶᠢᠮᠠᠭ ᠤᠨ ᠳᠣᠲᠣᠨ᠎ᠠ ᠭᠠᠳᠠᠨᠠᠬᠢ ᠨᠠᠷᠠᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠠᠮᠲᠤᠷᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ᠂ ᠣᠯᠠᠨ ᠢᠶᠠᠷ ᠢᠶᠠᠨ ᠡᠭᠦᠳᠬᠦ ᠣᠷᠣᠨ ᠵᠠᠶ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠶᠢ ᠪᠠᠶᠢᠭᠤᠯᠬᠤ ᠶᠢ ᠳᠡᠮᠵᠢᠪᠡ  ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠣᠷᠣᠨ ᠤ ᠳᠣᠲᠣᠨ᠎ᠠ ᠭᠠᠳᠠᠨᠠᠬᠢ 30 ᠭᠠᠷᠤᠶ ᠰᠢᠨᠵᠢᠯᠡᠬᠦ ᠤᠬᠠᠭᠠᠨ  ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠵᠦ᠂ ᠨᠡᠶᠢᠲᠡ 32 ᠳᠡᠭᠡᠳᠦ ᠲᠠᠰ ᠤᠨ ᠵᠥᠪᠯᠡᠭᠴᠢ ᠶᠢ ᠤᠷᠢᠨ ᠲᠣᠮᠢᠯᠠᠵᠤ᠂ 286 ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠤᠶᠠᠨ ᠴᠢᠨᠠᠷᠲᠠᠶ ᠪᠠᠷ ᠣᠷᠣᠭᠤᠯᠤᠨ ᠠᠪᠴᠢᠷᠠᠵᠤ᠂ 572 ᠲᠦᠮᠡᠨ ᠲᠥᠭᠦᠷᠢᠭ ᠤᠨ ᠵᠠᠷᠤᠳᠠᠯ ᠢᠶᠠᠷ ᠵᠥᠪᠰᠢᠶᠡᠷᠡᠭᠳᠡᠨ ᠲᠣᠮᠢᠯᠠᠭᠳᠠᠵᠤ᠂ ᠲᠣᠰ ᠭᠠᠵᠠᠷ ᠤᠨ ᠴᠢᠳᠠᠪᠤᠷᠢᠲᠠᠨ ᠢ ᠲᠦᠮᠡ ᠰᠢᠬᠠᠮ ᠬᠥᠮᠦᠵᠢᠭᠦᠯᠪᠡ  ᠃ ᠣᠳᠣᠬᠠᠨ ᠪᠣᠯᠲᠠᠯ᠎ᠠ᠂ ᠪᠥᠬᠦ ᠠᠶᠢᠮᠠᠭ ᠲᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠨᠡᠶᠢᠲᠡ 4 ᠪᠠᠶᠢᠵᠤ᠂ ᠨᠡᠶᠢᠲᠡ 793 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡ ᠥᠷᠨᠢᠭᠦᠯᠪᠡ  ᠃      ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦᠢ ᠷᠦᠢ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠪᠦᠬᠦ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠠᠶᠢᠮᠠᠭ ᠤᠨ ᠪᠠᠶᠢᠳᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠲᠦᠷᠦ  ᠶᠢᠨ ᠪᠤᠳᠤᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠬᠠᠲᠠᠭᠤ ᠣᠷᠣᠭᠤᠯᠤᠯᠲᠠ ᠶᠢᠨ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ  ᠃ 《 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 》 ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ ᠂ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ᠂ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠬᠦ ᠶᠢᠨ ᠬᠠᠮᠲᠤᠷᠠᠯᠴᠠᠨ ᠨᠡᠭᠡᠭᠡᠯᠲᠡ ᠬᠢᠬᠦ ᠪᠠ ᠤᠷᠮᠠᠰᠢᠭᠤᠯᠬᠤ ᠲᠣᠭᠲᠠᠴᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠠᠯᠠᠱᠠ ᠠᠶᠢᠮᠠᠭ ᠤᠨ ᠠᠵᠤ ᠦᠶᠯᠡᠰ ᠤᠨ ᠬᠡᠯᠬᠢᠶᠡᠰᠦ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶᠡᠰᠦ ᠶᠢ ᠵᠦᠶ ᠵᠣᠬᠢᠰᠲᠠᠶ ᠪᠠᠶᠢᠷᠢᠰᠢᠭᠤᠯᠵᠤ᠂ ᠣᠳᠣᠬᠢᠴᠢᠯᠠᠭᠰᠠᠨ ᠠᠵᠢᠯᠴᠢᠨ ᠤ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢ᠂ ᠰᠢᠨ᠎ᠡ ᠡᠨᠧᠷᠭᠢ ᠶᠢᠨ ᠨᠥᠭᠡᠴᠡ ᠡᠨᠧᠷᠭᠢ᠂ ᠴᠡᠪᠡᠷ ᠡᠨᠧᠷᠭᠢ ᠶᠢ ᠤᠯᠠᠷᠢᠭᠤᠯᠬᠤ ᠵᠡᠷᠭᠡ ᠲᠠᠯ᠎ᠠ ᠶᠢᠨ ᠮᠡᠷᠭᠡᠵᠢᠯ ᠢ ᠭᠤᠤᠯᠳᠠᠯᠭ᠎ᠠ ᠲᠠᠢ ᠰᠢᠪᠲᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠴᠢᠩᠭᠠᠳᠬᠠᠵᠤ᠂ ᠠᠯᠠᠱᠠ ᠠᠶᠢᠮᠠᠭ ᠤᠨ ᠲᠡᠮᠡᠭᠡᠨ ᠰᠦ᠂ ᠲᠡᠮᠡᠭᠡᠨ ᠨᠣᠯᠤᠤᠷ ᠵᠢᠴᠢ ᠲᠡᠮᠡᠭᠡᠨ ᠨᠣᠯᠤᠤᠷ ᠤᠨ ᠦᠶᠯᠡᠳᠬᠦᠨ ᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ  ᠶᠢ ᠠᠬᠢᠭᠤᠯᠤᠨ᠎ᠠ  ᠃ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ᠂ ᠬᠤᠣᠰ ᠪᠥᠬᠦᠲᠦ ᠲᠡᠮᠡᠭᠡ᠂ ᠮᠣᠩᠭᠤᠯ ᠦᠬᠡᠷ  ᠤᠨ ᠰᠠᠶᠢᠨ ᠡᠭᠦᠯᠳᠡᠷ ᠢ ᠦᠷᠡᠵᠢᠭᠦᠯᠦᠨ ᠬᠠᠮᠠᠭᠠᠯᠠᠬᠤ ᠠᠵᠢᠯ ᠪᠣᠯᠤᠨ ᠡᠭᠦᠯᠳᠡᠷ ᠤᠨ ᠡᠬᠢ ᠪᠠᠶᠠᠯᠢᠭ ᠤᠨ ᠬᠥᠮᠥᠷᠭᠡ  ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ  ᠃ ᠡᠭᠦᠨ ᠤ ᠬᠠᠮᠲᠤ᠂ ᠣᠷᠣᠭᠤᠯᠤᠨ ᠠᠪᠴᠢᠷᠠᠭᠰᠠᠨ ᠠᠯᠠᠰᠢᠨ ᠦᠬᠡᠷ ᠤᠨ ᠰᠢᠨ᠎ᠡ ᠡᠭᠦᠯᠳᠡᠷ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠢᠳᠡᠪᠬᠢᠲᠡᠶ ᠠᠬᠢᠭᠤᠯᠵᠤ᠂ ᠴᠠᠭᠠᠨ ᠭᠤᠶᠣᠣ ᠵᠡᠷᠭᠡ ᠡᠯᠡᠰᠦᠨ ᠳᠤ ᠤᠷᠭᠤᠬᠤ ᠤᠷᠭᠤᠮᠠᠯ ᠤᠨ ᠥᠨᠳᠥᠷ ᠨᠡᠮᠡᠯᠲᠡ ᠥᠷᠲᠡᠭᠲᠦ ᠴᠢᠳᠠᠮᠵᠢ ᠶᠢᠨ ᠦᠶᠯᠡᠳᠬᠦᠨ ᠢ ᠨᠡᠭᠡᠭᠡᠨ ᠬᠥᠭᠵᠢᠭᠦᠯᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠤᠯᠳᠠᠯᠭ᠎ᠠ ᠲᠠᠢ ᠰᠢᠪᠲᠤᠯᠤᠨ᠂ 《 0 - 1 》 ᠶᠢᠨ ᠠᠩᠬᠠᠨ ᠤ ᠰᠢᠨ᠎ᠡ ᠡᠭᠦᠳᠦᠯᠲᠡ ᠶᠢ ᠪᠡᠶᠡᠯᠡᠭᠦᠯᠦᠨ᠎ᠡ  ᠃ ᠭᠤᠤᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ 《 ᠣᠭᠤᠷᠴᠤᠭ ᠬᠠᠷᠢᠶ᠎ᠠ ᠭᠠᠵᠠᠷ 》 ᠤᠨ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠤᠬᠠᠮᠰᠠᠷ ᠢ ᠶᠡᠭᠡ ᠪᠠᠷ ᠪᠣᠶᠢᠵᠢᠭᠤᠯᠵᠤ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ  ᠃
 
ᠢᠷᠡᠯᠲᠡ᠄ ᠠᠯᠠᠱᠠ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号