| | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠪᠠᠬᠢ ᠴᠣᠭᠴᠠᠯᠠᠨ᠎ᠠ —— | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠶᠢ ᠴᠢᠷᠮᠠᠶᠢᠨ ᠪᠡᠶᠡᠯᠡᠭᠦᠯᠬᠦ ᠲᠤᠬᠠᠶ ᠬᠤᠶᠠᠷᠲᠠ ᠥᠭᠦᠯᠡᠬᠦ ᠨᠢ | | ᠡᠬᠡ ᠤᠯᠤᠰ ᠤᠨ 《ᠤᠮᠠᠷᠠᠳᠤ ᠶᠡᠭᠡ ᠬᠠᠭᠠᠯᠭ᠎ᠠ 》᠂ ᠨᠡᠶᠢᠰᠯᠡᠯ ᠤᠨ 《 ᠤᠨᠠᠭᠤᠯᠢ ᠭᠤᠣᠯ 》 | ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ | ᠳᠠᠬᠢ ᠪᠠᠶᠢᠷᠢ ᠰᠠᠭᠤᠷᠢ ᠴᠢᠬᠤᠯᠠ᠂ ᠬᠠᠷᠢᠭᠤᠴᠠᠯᠭ᠎ᠠ ᠬᠦᠨᠳᠦ ᠶᠤᠮ᠃ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ | ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ | | ᠠᠮᠤᠷ ᠲᠦᠪᠰᠢᠨ ᠲᠣᠭᠲᠠᠭᠤᠨ ᠪᠠᠶᠢᠬᠤ ᠪᠣᠯ ᠬᠥᠭᠵᠢᠯᠲᠡ ᠶᠢᠨ ᠤᠷᠢᠲᠠᠯ ᠮᠥᠨ᠂ ᠠᠯᠢ ᠬᠦᠷᠢᠶᠡᠨ ᠤ ᠠᠶᠤᠯ | ᠲᠦᠭᠰᠢᠭᠦᠷᠢ ᠶᠢ ᠰᠡᠷᠭᠡᠶᠢᠯᠡᠵᠦ ᠳᠡᠶᠢᠯᠬᠦ ᠦᠭᠡᠢ ᠪᠣᠯ ᠪᠢᠳᠡ ᠶᠠᠭᠤ ᠴᠤ ᠪᠦᠲᠦᠭᠡᠵᠦ ᠴᠢᠳᠠᠬᠤ ᠦᠭᠡᠢ ᠪᠣᠯᠤᠨ᠎ᠠ᠃ | ᠣᠳᠣᠬᠠᠨ ᠳᠤ᠂ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ ᠪᠠᠶᠢᠵᠤ᠂ ᠤᠯᠤᠰ ᠤᠨ ᠳᠣᠲᠣᠭᠠᠳᠤ ᠶᠢᠨ | ᠠᠵᠤ ᠠᠬᠤᠢ ᠨᠡᠶᠢᠭᠡᠮ ᠳᠤ ᠭᠦᠨᠵᠡᠭᠡᠢ ᠬᠤᠪᠢᠰᠤᠯᠲᠠ ᠭᠠᠷᠴᠤ᠂ ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ | ᠮᠡᠳᠡᠬᠦᠶ᠎ᠡ ᠪᠡᠷᠬᠡ ᠡᠯ᠎ᠡ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠤᠷᠢᠳ ᠡᠮᠦᠨ᠎ᠡ ᠪᠠᠶᠢᠭ᠎ᠠ ᠦᠭᠡᠢ | ᠶᠤᠮ᠃ ᠪᠢᠳᠡ ᠬᠤᠷᠢᠭ᠎ᠠ ᠱᠤᠭᠤᠮ ᠤᠨ ᠰᠡᠳᠬᠢᠬᠦᠢ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠲᠡᠮᠡᠴᠡᠯ ᠤᠨ | ᠵᠣᠷᠢᠭ ᠰᠠᠨᠠᠭ᠎ᠠ ᠶᠢ ᠴᠢᠩᠭᠠᠳᠬᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ | ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ | ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠲᠦᠷᠭᠡᠨ ᠪᠠᠶᠢᠭᠤᠯᠵᠤ᠂ ᠶᠡᠭᠡ | ᠠᠮᠤᠷ ᠲᠦᠪᠰᠢᠨ ᠤ ᠰᠢᠰᠲᠧᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ | ᠪᠠᠲᠤ ᠰᠠᠬᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠡᠩ ᠠᠮᠤᠷ ᠲᠠᠶᠢᠪᠤᠩ ᠠᠵᠤ ᠲᠦᠷᠦᠭᠦ᠂ | ᠨᠡᠶᠢᠭᠡᠮ ᠤᠨ ᠶᠡᠭᠡ ᠲᠠᠯ᠎ᠠ ᠶᠢ ᠨᠡᠩ ᠠᠮᠤᠷ ᠲᠣᠭᠲᠠᠭᠤᠨ ᠡᠮᠬᠢ ᠳᠢᠭᠯᠢᠮ ᠲᠠᠢ ᠪᠣᠯᠭᠠᠬᠤ ᠬᠡᠷᠡᠭᠲᠡᠢ᠃ | ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠤᠨ ᠤᠯᠤᠰ ᠢ ᠲᠦᠪᠰᠢᠳᠬᠡᠬᠦ ᠶᠢᠨ ᠴᠢᠬᠤᠯᠠ | ᠰᠠᠭᠤᠷᠢ ᠮᠥᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ | ᠤ ᠦᠨᠳᠦᠰᠦᠨ ᠠᠰᠢᠭ ᠲᠤᠰᠠ ᠮᠥᠨ ᠃ ᠪᠢᠳᠡ ᠤᠯᠤᠰ ᠤᠨ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ | ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ | ᠲᠡᠷᠢᠭᠦᠨ ᠴᠢᠬᠤᠯᠠ ᠶᠡᠭᠡ ᠶᠠᠪᠤᠳᠠᠯ᠂ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠡᠷᠡᠰ | ᠪᠠᠲᠤ ᠤᠯᠤᠰ ᠲᠦᠷᠦ ᠶᠢᠨ ᠵᠣᠭᠰᠣᠯᠲᠠ ᠪᠠ ᠵᠥᠪ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ᠂ ᠰᠢᠨᠵᠢᠯᠡᠬᠦ | ᠤᠬᠠᠭᠠᠨᠴᠢ ᠠᠷᠭ᠎ᠠ ᠪᠠᠷᠢᠯ ᠠᠷᠭ᠎ᠠ ᠪᠠᠷᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠲᠦᠷᠦ ᠶᠢᠨ ᠡᠷᠬᠡ ᠶᠢᠨ ᠠᠮᠤᠷ | ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ | ᠡᠷᠡᠰ ᠬᠠᠮᠠᠭᠠᠯᠠᠬᠤ ᠬᠡᠷᠡᠭᠲᠡᠢ ᠃ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ | ᠢ ᠬᠠᠮᠠᠭᠠᠯᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠢ ᠃ | | ᠥᠪᠥᠷ ᠮᠣᠩᠭᠤᠯ ᠳᠤ 4200 ᠭᠠᠷᠤᠢ ᠺᠢᠯᠤᠮᠧᠳ᠋ᠷ ᠬᠢᠯᠢ ᠶᠢᠨ ᠱᠤᠭᠤᠮ ᠲᠠᠢ᠂ ᠬᠢᠯᠢ ᠶᠢ | ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ ᠃ | ᠪᠢᠳᠡ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠬᠢᠯᠢ ᠶᠢᠨ ᠬᠠᠮᠠᠭᠠᠯᠠᠯᠲᠠ | ᠶᠢᠨ ᠬᠠᠮᠢᠶᠠᠷᠤᠨ ᠡᠵᠡᠮᠳᠡᠬᠦ ᠬᠦᠴᠦᠨ ᠤ ᠰᠢᠰᠲ᠋ᠧᠮ ᠢ ᠦᠷᠭᠦᠯᠵᠢᠯᠡᠨ ᠪᠠᠶᠢᠭᠤᠯᠤᠨ ᠬᠦᠴᠦᠷᠬᠡᠭᠵᠢᠭᠦᠯᠵᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠠᠭᠤᠷᠢ | ᠶᠢ ᠪᠠᠬᠢᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠬᠦ 《 ᠪᠤᠯᠤᠳ ᠬᠡᠷᠡᠮ ᠪᠤᠯᠤᠳ ᠬᠠᠨ᠎ᠠ 》 ᠶᠢ ᠴᠣᠭᠴᠠᠯᠠᠬᠤ | ᠬᠡᠷᠡᠭᠲᠡᠢ ᠃ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ 《 ᠬᠥᠨᠳᠡᠶᠢᠷᠡᠯ 》 ᠤᠨ ᠠᠰᠠᠭᠤᠳᠠᠯ ᠳᠤ | ᠴᠢᠭᠯᠡᠭᠦᠯᠦᠨ᠂ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠳᠠᠭᠠᠤ ᠣᠷᠣᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ | ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠡᠩ ᠤᠯᠠᠨ ᠬᠥᠮᠦᠨ ᠢ ᠲᠠᠲᠠᠵᠤ ᠬᠢᠯᠢ ᠬᠢᠵᠠᠭᠠᠷ ᠣᠷᠣᠨ ᠳᠤ ᠣᠴᠢᠭᠤᠯᠤᠨ ᠦᠢᠯᠡᠰ | ᠪᠤᠰᠬᠠᠭᠤᠯᠵᠤ ᠠᠮᠤᠷ ᠲᠠᠶᠢᠪᠤᠩ ᠰᠠᠭᠤᠷᠢᠰᠢᠭᠤᠯᠤᠨ᠂ ᠬᠢᠯᠢ ᠬᠢᠵᠠᠭᠠᠷ ᠢ ᠰᠠᠬᠢᠭᠤᠯᠵᠤ ᠬᠢᠯᠢ ᠬᠢᠵᠠᠭᠠᠷ ᠢ | ᠬᠠᠮᠠᠭᠠᠯᠠᠭᠤᠯᠬᠤ ᠬᠡᠷᠡᠭᠲᠡᠢ ᠃ | | ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ | ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠨᠡᠶᠢᠲᠡ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠃ ᠪᠢᠳᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠰᠠᠶᠢᠲᠤᠷ ᠬᠢᠵᠦ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠠᠷᠠᠳ ᠲᠦᠮᠡᠨ ᠤ ᠠᠮᠤᠷ ᠠᠮᠤᠭᠤᠯᠠᠩ ᠣᠷᠣᠨ ᠰᠠᠭᠤᠴᠠ᠂ ᠨᠡᠶᠢᠭᠡᠮ ᠤᠨ ᠠᠮᠤᠷ ᠲᠣᠭᠲᠠᠭᠤᠨ | ᠢ ᠨᠥᠯᠥᠭᠡᠯᠡᠬᠦ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠃ | ᠠᠮᠤᠷ ᠲᠦᠪᠰᠢᠨ ᠤ ᠭᠤᠣᠯᠳᠠᠯᠭ᠎ᠠ ᠨᠢ ᠰᠡᠷᠭᠡᠶᠢᠯᠡᠬᠦ ᠳᠤ ᠪᠤᠢ᠂ ᠬᠠᠷᠢᠭᠤᠴᠠᠯᠭ᠎ᠠ ᠨᠢ ᠲᠠᠶᠢᠱᠠᠨ ᠠᠭᠤᠯᠠᠨ | ᠠᠴᠠ ᠬᠦᠨᠳᠦ ᠃ ᠪᠢᠳᠡ ᠠᠮᠤᠷ ᠲᠦᠪᠰᠢᠨ ᠲᠣᠭᠲᠠᠭᠤᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ | ᠨᠢᠳᠦ ᠪᠠᠨ ᠶᠡᠭᠡ ᠪᠠᠷ ᠪᠦᠯᠲᠡᠶᠢᠯᠭᠡᠨ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠨ | ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠯᠠᠪᠳᠠᠭᠤᠨ | ᠪᠠᠲᠤᠲᠠᠢ ᠰᠤᠷᠲᠠᠯ᠂ ᠬᠦᠴᠦᠲᠡᠢ ᠠᠷᠭ᠎ᠠ ᠬᠡᠮᠵᠢᠶ᠎ᠡ ᠪᠠᠷ ᠡᠭᠦᠳᠡ ᠪᠠᠨ ᠰᠠᠶᠢᠲᠤᠷ ᠰᠠᠬᠢᠵᠤ᠂ ᠡᠬᠡ ᠤᠯᠤᠰ ᠤᠨ | ᠤᠮᠠᠷᠠᠲᠤ ᠬᠢᠯᠢ ᠶᠢ ᠰᠠᠶᠢᠲᠤᠷ ᠰᠠᠬᠢᠵᠤ᠂ ᠥᠪᠥᠷ ᠮᠣᠩᠭᠤᠯ ᠤᠨ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ | ᠲᠦᠪᠰᠢᠨ ᠢ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠃ |