ᠠᠵᠤ ᠠᠬᠤᠶᠢᠯᠠᠯ ᠤᠨ ᠰᠡᠳᠦᠪ ᠭᠠᠷᠭᠠᠭᠰᠠᠨ ᠳᠡᠭᠡᠳᠦ ᠰᠤᠷᠭᠠᠭᠤᠯᠢ ᠶᠢᠨ ᠰᠡᠳᠦᠪ ᠲᠠᠶᠢᠯᠬᠤ ᠠᠵᠤ ᠦᠶᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠬᠤᠤᠰ ᠴᠢᠭᠯᠡᠯ ᠢᠶᠠᠷ ᠤᠷᠤᠭᠰᠢᠯᠠᠪᠠ
ᠨᠡᠶᠢᠲᠡᠯᠡᠭᠰᠡᠨ ᠴᠠᠭ᠄
2023/1/5
   《  ᠠᠵᠤ ᠠᠬᠤᠶᠢᠯᠠᠯ ᠨᠢ ᠡᠯᠳᠡᠪ ᠠᠮᠤ ᠪᠣᠯᠪᠠᠰᠤᠷᠠᠭᠤᠯᠬᠤ ᠬᠦᠷᠢᠶᠡᠨ ᠳᠤ ᠣᠷᠣᠭᠰᠠᠨ ᠠᠴᠠ ᠨᠠᠭᠠᠰᠢ᠂ ᠪᠢᠳᠡ ᠶᠤᠤᠮᠠᠢ ᠶᠢᠨ ᠭᠤᠯᠢᠷ ᠵᠡᠷᠭᠡ ᠡᠯᠳᠡᠪ ᠠᠮᠤ ᠶᠢᠨ ᠲᠦᠭᠦᠬᠡᠶ ᠮᠠᠲ᠋ᠧᠷᠢᠶᠠᠯ ᠤᠨ ᠴᠢᠨᠠᠷ ᠢ ᠪᠠᠲᠤᠯᠠᠬᠤ ᠬᠤᠭᠤᠴᠠᠭ᠎ᠠ ᠨᠢ ᠨᠡᠯᠢᠶᠡᠳ ᠣᠬᠤᠷ᠂ ᠪᠠᠷᠠᠭᠠᠨ ᠤ ᠲᠠᠯᠪᠢᠭᠤᠷ ᠤᠨ ᠬᠤᠭᠤᠴᠠᠭ᠎ᠠ ᠨᠢ ᠣᠬᠤᠷ ᠪᠠᠶᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠣᠭᠤᠮᠢ ᠪᠣᠯᠤᠭᠰᠠᠨ ᠢ ᠣᠯᠵᠤ ᠮᠡᠳᠡᠪᠡ  ᠃ ᠮᠠᠨ ᠤ ᠥᠪᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠴᠦ ᠡᠨᠡ ᠬᠦ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠤᠷᠰᠢᠵᠤ ᠥᠩᠭᠡᠷᠡᠵᠡᠶ᠂ ᠭᠡᠪᠡᠴᠦ ᠶᠡᠷᠦ ᠠᠴᠠ ᠦᠷ᠎ᠡ ᠳ᠋ᠦᠩ ᠭᠠᠷᠤᠭᠰᠠᠨ ᠥᠬᠡᠶ᠂ ᠥᠨᠥᠳᠦᠷ ᠪᠢᠳᠡ ᠢᠲᠡᠭᠡᠯ ᠲᠡᠭᠦᠯᠳᠡᠷ  ᠢᠶᠠᠷ ᠬᠠᠮᠲᠤᠷᠠᠯᠴᠠᠭ᠎ᠠ ᠬᠢᠬᠦ ᠪᠠᠷ ᠢᠷᠡᠭᠰᠡᠨ ᠶᠤᠮ  ᠃ ᠡᠪᠦᠯ ᠤᠨ ᠤᠯᠠᠷᠢᠯ ᠤᠨ ᠬᠥᠬᠡᠬᠤᠲᠠ ᠶᠢᠨ ᠲᠩᠷᠢ ᠬᠦᠢᠲᠡᠷᠡᠵᠦ ᠭᠠᠵᠠᠷ ᠬᠦᠢᠲᠡᠷᠡᠨ᠎ᠡ᠂ ᠰᠦᠯᠵᠢᠶᠡᠨ ᠳᠡᠭᠡᠷ᠎ᠡ᠂ 《 ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ ᠢᠶᠠᠨ ᠮᠠᠨᠳᠤᠭᠤᠯᠬᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ 》 ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤ ᠪᠠᠷ ᠪᠠᠶᠢᠭᠤᠯᠵᠤ ᠰᠠᠮᠪᠠᠷ᠎ᠠ ᠰᠡᠬᠦᠨ ᠮᠠᠩᠯᠠᠶᠢᠯᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠬᠤᠣᠰ ᠰᠣᠩᠭᠤᠯᠲᠠ ᠶᠢᠨ ᠬᠤᠷᠠᠯ ᠶᠠᠭ ᠶᠠᠪᠤᠭᠳᠠᠵᠤ ᠪᠤᠢ  ᠃ ᠥᠪᠥᠷ ᠮᠣᠩᠭᠤᠯ ᠤᠨ ᠮᠧᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠰᠤᠳᠤᠯᠤᠨ ᠨᠡᠭᠡᠭᠡᠬᠦ ᠳᠡᠳ᠋ ᠳᠠᠭᠠᠭᠠᠮᠠᠯ ᠸᠠᠩ ᠶᠠᠨ ᠡᠩ ᠲᠡᠷᠢᠭᠦᠨ  ᠳᠤ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠤᠳᠤᠯᠭᠠᠨ ᠤ ᠪᠦᠯᠬᠦᠮ ᠤᠨ ᠬᠢᠨ ᠰᠠᠮᠪᠠᠷ᠎ᠠ ᠰᠡᠬᠦᠵᠦ ᠰᠡᠳᠦᠪ ᠳᠠᠭᠠᠭᠤᠯᠤᠨ ᠪᠣᠭᠤᠮᠲᠠ ᠰᠢᠪᠲᠤᠯᠬᠤ ᠠᠵᠢᠯ ᠢ ᠬᠠᠪᠰᠤᠷᠤᠨ ᠰᠢᠢᠳᠪᠦᠷᠢᠯᠡᠬᠦ ᠶᠢ ᠬᠦᠰᠡᠪᠡ  ᠃      ᠡᠨᠡ ᠬᠦ ᠮᠡᠷᠭᠡᠵᠢᠯ ᠤᠨ ᠬᠡᠷᠡᠭᠴᠡᠭᠡ ᠶᠢ ᠰᠣᠨᠣᠰᠤᠭᠠᠳ᠂ ᠰᠦᠯᠵᠢᠶᠡᠨ ᠳᠡᠭᠡᠷ᠎ᠡ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠢᠳᠡᠭᠡᠨ ᠤᠮᠳᠠᠭᠠᠨ ᠤ ᠰᠠᠯᠪᠤᠷᠢ ᠶᠢᠨ ᠳ᠋ᠣᠺᠲ᠋ᠣᠷ ᠵᠣᠣ ᠲᠤᠤ ᠮᠠᠰᠢ ᠪᠠᠶᠠᠷᠯᠠᠵᠤ᠂ ᠲᠡᠭᠦᠨ ᠤ ᠪᠦᠯᠬᠦᠮ ᠤᠨ ᠶᠠᠭ ᠶᠠᠪᠤᠭᠳᠠᠭᠤᠯᠵᠤ ᠪᠠᠶᠢᠭ᠎ᠠ ᠲᠥᠷᠥᠯ ᠵᠦᠶᠯ ᠨᠢ ᠡᠨᠡ ᠬᠦ ᠮᠡᠷᠭᠡᠵᠢᠯ ᠤᠨ ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠲᠡᠷᠡ ᠡᠨᠡ ᠬᠦ ᠬᠦᠴᠢᠷ ᠠᠰᠠᠭᠤᠳᠠᠯ ᠢ ᠰᠢᠶᠳᠪᠦᠷᠢᠯᠡᠵᠦ ᠳᠡᠶᠢᠯᠬᠦ ᠢᠲᠡᠭᠡᠯ ᠲᠠᠢ ᠪᠠᠶᠢᠨ᠎ᠠ ᠭᠡᠪᠡ  ᠃ ᠢᠩᠭᠢᠭᠡᠳ ᠵᠣᠣ ᠲᠤᠤ 《 ᠵᠠᠷᠯᠠᠯ ᠨᠡᠶᠢᠲᠡᠯᠡᠵᠦ 》᠂ ᠮᠣᠩᠭᠤᠯ ᠴᠢᠩ ᠤᠯᠤᠰ ᠤᠨ ᠲᠠᠷᠢᠶᠠᠯᠠᠩ ᠤᠨ ᠬᠤᠯᠢᠮᠠᠭ ᠠᠮᠤ ᠶᠢᠨ ᠲᠦᠭᠦᠬᠡᠶ ᠮᠠᠲ᠋ᠧᠷᠢᠶᠠᠯ ᠤᠨ ᠢᠰᠬᠡᠭᠦᠷ ᠤᠰᠠᠳᠬᠠᠬᠤ ᠮᠡᠷᠭᠡᠵᠢᠯ ᠵᠡᠷᠭᠡ 3 ᠵᠦᠶᠯ ᠤᠨ ᠰᠡᠳᠦᠪ ᠲᠠᠢ ᠵᠣᠯᠭᠠᠯᠳᠤᠭᠤᠯᠪᠠ  ᠃ ᠲᠡᠷᠡ᠄ 《 ᠰᠤᠳᠤᠯᠭᠠᠨ ᠤ ᠰᠡᠳᠦᠪ ᠨᠢ ᠭᠤᠤᠯᠳᠠᠭᠤ ᠢᠰᠬᠡᠭᠦᠷ ᠢ ᠤᠰᠠᠳᠬᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠶᠤᠤᠮᠠᠢ ᠶᠢᠨ ᠭᠤᠯᠢᠷ ᠵᠡᠷᠭᠡ ᠬᠤᠯᠢᠮᠠᠭ ᠠᠮᠤ ᠶᠢᠨ ᠨᠤᠨᠲᠠᠭ ᠤᠨ ᠴᠢᠨᠠᠷ  ᠢ ᠪᠠᠲᠤᠯᠠᠬᠤ ᠬᠤᠭᠤᠴᠠᠭ᠎ᠠ ᠶᠢ ᠤᠷᠲᠤᠳᠬᠠᠬᠤ ᠶᠢᠨ ᠤᠯᠠᠮ ᠠᠴᠠ ᠬᠤᠯᠢᠮᠠᠭ ᠠᠮᠤ ᠶᠢᠨ ᠲᠦᠷᠭᠡᠨ ᠢᠳᠡᠭᠡᠨ ᠤ ᠪᠠᠷᠠᠭᠠᠨ ᠤ ᠲᠠᠯᠪᠢᠭᠤᠷ ᠤᠨ ᠬᠤᠭᠤᠴᠠᠭ᠎ᠠ ᠶᠢ ᠤᠷᠲᠤᠳᠬᠠᠵᠤ᠂ ᠦᠶᠯᠡᠳᠬᠦᠨ ᠤ ᠬᠥᠭᠵᠢᠯᠲᠡ ᠳᠤ ᠡᠨᠧᠷᠭᠢ ᠣᠯᠭᠤᠨ᠎ᠠ  ᠃ 》           ᠠᠵᠤ ᠠᠬᠤᠶᠢᠯᠠᠯ ᠰᠡᠳᠦᠪ ᠭᠠᠷᠭᠠᠵᠤ᠂ ᠶᠡᠭᠡ ᠳᠡᠭᠡᠳᠦ ᠰᠤᠷᠭᠠᠭᠤᠯᠢ ᠰᠡᠳᠦᠪ ᠭᠠᠷᠭᠠᠨ᠎ᠠ  ᠃ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠤᠤᠰ ᠰᠣᠩᠭᠤᠯᠲᠠ ᠶᠢᠨ ᠬᠤᠷᠠᠯ ᠳᠡᠭᠡᠷ᠎ᠡ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠮᠡᠳᠡᠷᠡᠵᠦ᠂ ᠲᠥᠷᠥᠯ ᠵᠦᠶᠯ ᠳᠡᠭᠡᠷ᠎ᠡ ᠬᠠᠪᠰᠤᠷᠤᠯᠴᠠᠭ᠎ᠠ ᠪᠠᠶᠢᠭᠤᠯᠵᠤ᠂ ᠠᠵᠢᠯᠯᠠᠭ᠎ᠠ ᠳᠡᠭᠡᠷ᠎ᠡ ᠪᠠᠨ ᠵᠠᠷᠯᠠᠯ ᠨᠡᠶᠢᠲᠡᠯᠡᠵᠦ ᠮᠠᠩᠯᠠᠶᠢᠯᠠᠵᠤ᠂ ᠬᠠᠮᠵᠢᠯᠴᠠᠨ ᠰᠢᠨ᠎ᠡ ᠶᠢ ᠡᠭᠦᠳᠬᠦ 《 ᠴᠤᠭᠯᠠᠷᠠᠯ ᠤᠨ ᠪᠦᠷᠢᠶ᠎ᠡ 》 ᠶᠢ ᠬᠠᠩᠭᠢᠨᠠᠭᠤᠯᠵᠤ᠂ ᠠᠵᠤ ᠦᠶᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ 《 ᠰᠢᠨ᠎ᠡ ᠬᠠᠭᠤᠳᠠᠰᠤ 》 ᠶᠢ ᠰᠡᠬᠦᠪᠡ  ᠃     《 ᠣᠷᠣᠨ ᠨᠤᠲᠤᠭ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡ ᠣᠷᠣᠨ ᠨᠤᠲᠤᠭ ᠤᠨ ᠣᠨᠴᠠᠯᠢᠭ ᠲᠠᠢ ᠨᠢᠭᠡ ᠪᠦᠯᠦᠭ ᠭᠤᠯᠢᠷ ᠢᠳᠡᠭᠡᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠂ ᠣᠳᠣᠬᠠᠨ ᠤ ᠵᠠᠬ᠎ᠠ ᠳᠡᠯᠭᠡᠭᠦᠷ ᠳᠡᠭᠡᠷᠡᠬᠢ ᠬᠠᠮᠢᠶ᠎ᠠ ᠪᠦᠬᠦᠢ ᠪᠦᠲᠦᠭᠡᠭᠳᠡᠬᠦᠨ ᠤ ᠢᠵᠢᠯᠢᠰᠢᠬᠦ ᠬᠦᠨᠳᠦ ᠨᠣᠴᠢᠲᠠᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠤᠣᠯᠯᠠᠬᠤ ᠦᠷᠢᠰᠦᠯᠳᠦᠬᠦ ᠬᠦᠴᠦᠨ ᠢᠶᠠᠨ ᠴᠢᠩᠭᠠᠳᠬᠠᠬᠤ ᠴᠢᠬᠤᠯᠠᠲᠠᠢ ᠪᠠᠶᠢᠨ᠎ᠠ  ᠃ ᠥᠪᠥᠷ ᠮᠣᠩᠭᠤᠯ ᠤᠨ ᠬᠤᠤ ᠰᠢᠶᠠᠩ ᠢᠳᠡᠭᠡᠨ ᠤᠮᠳᠠᠭᠠᠨ ᠤ ᠪᠦᠯᠦᠭᠯᠡᠯ ᠤᠨ ᠰᠤᠳᠤᠯᠤᠨ ᠨᠡᠭᠡᠭᠡᠬᠦ ᠶᠡᠷᠦᠩᠬᠡᠢ ᠪᠠᠶᠢᠴᠠᠭᠠᠭᠴᠢ ᠯᠢᠶᠠᠩ ᠰᠢᠶᠤᠤ ᠵᠢᠶᠦ᠋ᠨ ᠴᠦ ᠤᠷᠳᠤ ᠬᠤᠭᠤᠴᠠᠭ᠎ᠠ ᠪᠠᠷ ᠠᠵᠤ ᠠᠬᠤᠶᠢᠯᠠᠯ ᠢ ᠭᠠᠴᠢᠭᠳᠠᠭᠤᠯᠵᠤ ᠪᠠᠶᠢᠭᠰᠠᠨ ᠨᠢᠭᠡᠨ ᠬᠦᠴᠢᠷ ᠠᠰᠠᠭᠤᠳᠠᠯ ᠢ ᠶᠠᠭᠠᠷᠠᠨ ᠬᠡᠯᠡᠵᠦ ᠭᠠᠷᠭᠠᠪᠠ  ᠃         ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠢᠳᠡᠭᠡᠨ ᠤᠮᠳᠠᠭᠠᠨ ᠤ ᠰᠠᠯᠪᠤᠷᠢ ᠶᠢᠨ ᠡᠷᠬᠢᠯᠡᠭᠴᠢ᠂ ᠳᠤᠮᠳᠠᠳᠤ ᠤᠯᠤᠰ ᠤᠨ ᠬᠤᠭᠤᠯᠠ ᠬᠢᠬᠦ ᠶᠡᠭᠡ ᠪᠠᠭᠰᠢ ᠦ ᠭᠦᠸᠧ ᠳ᠋ᠦᠩ ᠡᠨᠡ ᠬᠦ ᠲᠥᠷᠥᠯ ᠵᠦᠶᠯ ᠢ ᠢᠲᠡᠭᠡᠯ ᠳᠦᠭᠦᠷᠡᠩ ᠲᠤᠰᠴᠤ ᠠᠪᠤᠪᠠ᠂ ᠲᠡᠷᠡ᠄ 《 ᠪᠢ ᠣᠳᠣᠬᠠᠨ  ᠳᠤ ᠶᠠᠭ ᠪᠡᠶ᠎ᠡ ᠰᠤᠪᠢᠯᠠᠬᠤ ᠢᠳᠡᠭᠡᠨ ᠢᠶᠠᠷ ᠴᠡᠭᠡ ᠶᠢᠨ ᠭᠤᠯᠢᠷ ᠤᠨ ᠢᠳᠡᠭᠡᠨ ᠢ ᠰᠤᠳᠤᠯᠤᠨ ᠰᠤᠳᠤᠯᠵᠤ ᠪᠠᠶᠢᠬᠤ ᠪᠥᠭᠡᠳ ᠴᠡᠭᠡ ᠶᠢᠨ ᠲᠠᠯᠬ᠎ᠠ᠂ ᠴᠡᠭᠡ ᠶᠢᠨ ᠲᠠᠯᠬ᠎ᠠ ᠵᠡᠷᠭᠡ ᠲᠤᠰᠬᠠᠶ ᠠᠰᠢᠭ ᠤᠨ ᠪᠦᠲᠦᠭᠡᠭᠳᠡᠬᠦᠨ ᠢ ᠰᠤᠳᠤᠯᠤᠨ ᠭᠠᠷᠭᠠᠵᠠᠶ᠂ ᠡᠨᠡ ᠨᠢ ᠶᠠᠭ ᠡᠷᠬᠢᠮ ᠺᠣᠮᠫᠠᠨᠢ ᠶᠢᠨ ᠥᠪᠥᠷ ᠮᠣᠩᠭᠤᠯ ᠤᠨ ᠤᠨᠴᠠᠯᠢᠬᠳᠤ ᠮᠢᠨᠲᠤᠤᠷ ᠢ ᠨᠡᠭᠡᠭᠡᠨ ᠬᠥᠭᠵᠢᠭᠦᠯᠬᠦ ᠬᠡᠷᠡᠭᠴᠡᠭᠡ ᠳᠤ ᠨᠡᠶᠢᠴᠡᠵᠦ ᠪᠠᠶᠢᠨ᠎ᠠ  ᠃ 》      ᠬᠤᠷᠠᠯ ᠳᠡᠭᠡᠷ᠎ᠡ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠧᠨ ᠬᠤᠤ ᠪᠠᠭᠰᠢ ᠥᠪᠥᠷ ᠮᠣᠩᠭᠤᠯ ᠤᠨ ᠺᠠᠩ ᠰᠢᠨ ᠮᠠᠯᠵᠢᠯ ᠤᠨ ᠲᠠᠯᠠᠪᠠᠶ ᠶᠢᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠬᠡᠷ ᠤᠨ ᠮᠢᠬᠠᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠥᠷᠥᠯ ᠵᠦᠶᠯ ᠢ ᠵᠠᠯᠭᠠᠨ ᠠᠪᠴᠤ᠂ ᠥᠪᠥᠷ ᠮᠣᠩᠭᠤᠯ ᠤᠨ ᠦᠬᠡᠷ ᠤᠨ ᠮᠢᠬᠠᠨ ᠤ ᠪᠦᠲᠦᠭᠡᠭᠳᠡᠬᠦᠨ ᠤ ᠡᠮᠦᠨᠡᠲᠦ ᠣᠷᠣᠨ ᠳᠤ ᠨᠠᠩ ᠶᠡᠭᠡ ᠵᠠᠬ᠎ᠠ ᠳᠡᠯᠭᠡᠭᠦᠷ ᠤᠯᠬᠤ ᠶᠢ ᠠᠬᠢᠭᠤᠯᠪᠠ︔ ᠰᠢᠤᠢ ᠯᠢ ᠯᠢ ᠪᠠᠭᠰᠢ ᠥᠪᠥᠷ ᠮᠣᠩᠭᠤᠯ ᠤᠨ ᠲᠠᠯ᠎ᠠ ᠨᠤᠲᠤᠭ ᠤᠨ ᠰᠢᠶᠤᠤ ᠵᠢᠶᠦ᠋ᠨ ᠮᠠ ᠢᠳᠡᠭᠡᠨ ᠤ ᠬᠢᠵᠠᠭᠠᠷᠲᠤ ᠺᠣᠮᠫᠠᠨᠢ ᠶᠢᠨ ᠨᠢᠶᠠᠩᠫᠢ ᠶᠢᠨ ᠳᠠᠷᠤᠭ᠎ᠠ ᠶᠢᠨ ᠰᠢᠨ᠎ᠡ ᠰᠣᠷᠭᠤᠭ ᠪᠠᠶᠢᠯᠭᠠᠬᠤ ᠮᠡᠷᠭᠡᠵᠢᠯ ᠢ ᠰᠤᠳᠤᠯᠤᠨ ᠨᠡᠭᠡᠭᠡᠬᠦ ᠲᠠᠢ ᠵᠣᠯᠭᠠᠭᠤᠯᠵᠤ᠂ ᠨᠢᠶᠠᠩᠫᠢ ᠶᠢᠨ ᠴᠢᠨᠠᠷ ᠢ ᠪᠠᠲᠤᠯᠠᠬᠤ ᠬᠤᠭᠤᠴᠠᠭ᠎ᠠ ᠶᠢ ᠨᠢᠭᠡ ᠳᠠᠬᠢᠨ ᠤᠷᠲᠤᠳᠬᠠᠬᠤ ᠪᠠᠷ ᠴᠢᠷᠮᠠᠶᠢᠵᠤ᠂ ᠬᠤᠯᠠ ᠪᠣᠷᠣᠯᠠᠭᠤᠯᠬᠤ ᠣᠷᠣᠨ ᠤ ᠭᠠᠳᠠᠨᠠᠬᠢ ᠬᠤᠤᠰ ᠰᠣᠩᠭᠤᠯᠲᠠ ᠶᠢᠨ ᠬᠤᠷᠠᠯ ᠳᠤ ᠨᠡᠶᠢᠲᠡ 30 ᠰᠢᠬᠠᠮ ᠠᠵᠤ ᠠᠬᠤᠶᠢᠯᠠᠯ ᠣᠷᠣᠯᠴᠠᠵᠤ᠂ ᠡᠴᠦᠰ ᠲᠡᠭᠡᠨ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠢ ᠡᠳ᠋ᠰᠢᠭᠦᠯᠬᠦ᠂ ᠢᠳᠡᠭᠡᠨ ᠤᠮᠳᠠᠭᠠᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠡᠵᠡᠩᠨᠡᠯᠲᠡ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠳᠤ ᠬᠤᠯᠪᠣᠭᠳᠠᠭᠰᠠᠨ ᠨᠡᠶᠢᠲᠡ 14 ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠵᠣᠯᠭᠠᠯᠴᠠᠭ᠎ᠠ ᠶᠢ ᠪᠡᠶᠡᠯᠡᠭᠦᠯᠪᠡ  ᠃         ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠵᠢᠶᠦ᠋ᠨ ᠢ ᠲᠠᠨᠢᠯᠴᠠᠭᠤᠯᠬᠤ ᠳᠠᠭᠠᠨ᠄ 《 ᠲᠣᠰ ᠤᠳᠠᠭᠠᠨ ᠤ ᠰᠤᠷᠭᠠᠭᠤᠯᠢ ᠠᠵᠤ ᠠᠬᠤᠶᠢᠯᠠᠯ  ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠬᠤᠤᠰ ᠰᠣᠩᠭᠤᠯᠲᠠ ᠶᠢᠨ ᠬᠤᠷᠠᠯ ᠨᠢ ᠶᠠᠭ ᠳᠡᠭᠡᠳᠦ ᠰᠤᠷᠭᠠᠭᠤᠯᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠴᠢᠨᠠᠷ ᠰᠠᠶᠢᠲᠠᠶ ᠬᠥᠭᠵᠢᠯᠲᠡ ᠶᠢᠨ ᠠᠷᠭ᠎ᠠ ᠬᠡᠮᠵᠢᠶ᠎ᠡ ᠨᠦᠭᠦᠳ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠦᠶᠯᠡᠳᠦᠯᠭᠡ ᠪᠣᠯᠤᠨ᠎ᠠ  ᠃ ᠰᠢᠨ᠎ᠡ ᠮᠡᠷᠭᠡᠵᠢᠯ ᠣᠨ ᠬᠡᠷᠡᠭᠯᠡᠯᠲᠡ ᠢᠢ ᠴᠢᠩᠭᠠᠳᠬᠠᠬᠤ ᠪᠠᠷ ᠳᠠᠮᠵᠢᠭᠤᠯᠤᠨ ᠂ ᠳᠡᠭᠡᠳᠦ ᠰᠤᠷᠭᠠᠭᠤᠯᠢ ᠢᠢᠨ ᠲᠤᠰᠬᠠᠢ ᠮᠡᠷᠭᠡᠵᠢᠯ ᠣᠨ ᠪᠦᠯᠦᠭᠯᠡᠯ ᠣᠨ ᠪᠠᠶᠢᠭᠤᠯᠤᠯᠲᠠ ᠢᠢ ᠪᠠᠬᠢᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠣᠨ ᠲᠦᠷᠦᠯ ᠵᠦᠢᠯ ᠢ ᠥᠪᠡᠷᠲᠡᠭᠡᠨ ᠵᠠᠰᠠᠭ ᠣᠷᠣᠨ ᠤ ᠲᠠᠷᠢᠶᠠᠯᠠᠩ ᠣᠨ ᠪᠦᠲᠦᠭᠡᠭᠳᠡᠬᠦᠨ ᠮᠠᠯ ᠣᠨ ᠠᠰᠢᠭ ᠰᠢᠮ᠎ᠡ᠂ ᠴᠠᠭᠠᠨ ᠢᠳᠡᠭᠡᠨ ᠪᠣᠯᠪᠠᠰᠤᠷᠠᠭᠤᠯᠬᠤ ᠵᠡᠷᠭᠡ ᠠᠵᠤ ᠦᠢᠯᠡᠰ ᠣᠨ ᠬᠡᠯᠬᠢᠶ᠎ᠡ ᠯᠦᠭᠡ ᠨᠢᠭᠲᠠ ᠵᠣᠯᠭᠠᠭᠤᠯᠬᠤ ᠢᠢ ᠪᠡᠶᠡᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠪᠤᠷᠤᠭᠤ ᠲᠤᠷᠰᠢᠬᠤ ᠥᠪᠡᠷ ᠣᠨ ᠦᠷᠳᠡᠭ ᠢ ᠨᠢ ᠪᠠᠭᠠᠰᠬᠠᠨ᠂ ᠦᠷ᠎ᠡ ᠪᠦᠲᠦᠭᠡᠯ ᠢ ᠨᠢ ᠲᠦᠷᠭᠡᠳᠬᠡᠨ ᠬᠤᠪᠢᠷᠠᠭᠤᠯᠵᠤ᠂ ᠦᠨᠳᠦᠰᠦᠨ ᠱᠠᠲᠤᠨ ᠤ ᠠᠭᠠᠷ ᠮᠠᠨᠳᠠᠯ ᠯᠤᠭ᠎ᠠ ᠤᠢᠢᠷᠠᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠣᠨ ᠰᠤᠳᠤᠯᠤᠨ ᠨᠡᠭᠡᠭᠡᠬᠦ ᠢᠢ ᠲᠦᠯᠬᠢᠨ ᠠᠬᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠢᠢ ᠤᠶᠠᠯᠳᠤᠭᠤᠯᠬᠤ ᠢᠢ ᠠᠬᠢᠭᠤᠯᠤᠨ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠬᠤᠣᠰ ᠠᠮᠵᠢᠯᠲᠠ ᠤᠯᠬᠤ ᠢᠢ ᠪᠡᠶᠡᠯᠡᠭᠦᠯᠦᠨ᠎ᠡ  ᠃ ᠵᠠᠯᠭᠠᠭᠠᠳ᠂ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠥᠷᠥᠯ ᠵᠦᠶᠯ ᠤᠨ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠰᠤᠳᠤᠯᠤᠨ ᠨᠡᠭᠡᠭᠡᠬᠦ ᠲᠥᠯᠥᠪᠯᠡᠭᠡ ᠲᠣᠭᠲᠠᠭᠠᠵᠤ᠂ ᠲᠥᠷᠥᠯ ᠵᠦᠶᠯ ᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠪᠣᠯᠤᠨ᠎ᠠ  ᠃ 》     【ᠰᠤᠷᠪᠤᠯᠵᠢᠯᠠᠭᠴᠢ ᠶᠢᠨ ᠭᠠᠷ ᠲᠡᠮᠳᠡᠭᠯᠡᠯ 】      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠤᠰ ᠰᠣᠩᠭᠤᠯᠲᠠ ᠶᠢᠨ ᠬᠤᠷᠠᠯ ᠤᠨ ᠲᠥᠷᠥᠯ ᠵᠦᠶᠯ ᠢ ᠰᠤᠳᠤᠯᠤᠨ ᠨᠡᠭᠡᠭᠡᠬᠦ ᠠᠵᠢᠯ ᠢ ᠡᠬᠢᠯᠡᠭᠦᠯᠬᠦ ᠪᠠᠯᠠ ᠮᠥᠩᠭᠦ ᠨᠢ ᠴᠥᠮ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠢᠷᠡᠯᠲᠡ ᠲᠠᠢ ᠪᠠᠶᠢᠵᠤ᠂ ᠰᠤᠳᠤᠯᠤᠨ ᠨᠡᠭᠡᠭᠡᠬᠦ ᠠᠵᠢᠯ ᠠᠮᠵᠢᠯᠲᠠ ᠣᠯᠤᠭᠰᠠᠨ ᠤ ᠳᠠᠷᠠᠭ᠎ᠠ᠂ ᠠᠵᠤ ᠠᠬᠤᠶᠢᠯᠠᠯ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠵᠠᠷᠤᠳᠠᠯ ᠭᠠᠷᠭᠠᠨ᠎ᠠ  ᠃ ᠭᠡᠪᠡᠴᠦ ᠰᠤᠳᠤᠯᠤᠨ ᠨᠡᠭᠡᠭᠡᠬᠦ ᠨᠢ ᠢᠯᠠᠭᠳᠠᠪᠠᠯ᠂ ᠬᠤᠬᠢᠷᠠᠯ ᠢ ᠳᠡᠭᠡᠳᠦ ᠰᠤᠷᠭᠠᠭᠤᠯᠢ ᠡᠭᠦᠷᠭᠡᠯᠡᠨ᠎ᠡ  ᠃ ᠶᠠᠭ ᠯᠢ ᠵᠢᠶᠦ᠋ᠨ ᠢ ᠶᠢᠨ ᠳᠡᠳ᠋ ᠬᠤᠷᠢᠶᠠᠨ ᠳᠠᠷᠤᠭ᠎ᠠ ᠶᠢᠨ ᠬᠡᠯᠡᠭᠰᠡᠨᠴᠢᠯᠡᠨ᠄ 《 ᠲᠥᠷᠥᠯ ᠵᠦᠢᠯ ᠢᠯᠠᠭᠳᠠᠬᠤ ᠨᠢ ᠲᠡᠶᠢᠮᠦ ᠴᠦ ᠠᠶᠤᠮᠠᠷ ᠶᠠᠪᠤᠳᠠᠯ ᠪᠢᠰᠢ᠂ ᠵᠦᠢᠯ ᠵᠦᠢᠯ ᠤᠨ ᠨᠤᠭᠤᠷᠠᠯ ᠪᠦᠳᠦᠷᠢᠯ ᠢ ᠥᠩᠭᠡᠷᠡᠭᠡᠭᠰᠡᠨ ᠤ ᠳᠠᠷᠠᠭ᠎ᠠ᠂ ᠮᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠨᠢ ᠲᠤᠭ᠎ᠠ ᠬᠡᠮᠵᠢᠶ᠎ᠡ ᠠᠴᠠ ᠶᠠᠰᠤ ᠴᠢᠨᠠᠷ ᠲᠤ ᠬᠦᠷᠬᠦ ᠦᠰᠦᠷᠦᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠯᠤᠰ ᠲᠤ ᠥᠨᠳᠥᠷ ᠬᠡᠪ ᠴᠢᠨᠠᠷ ᠪᠦᠬᠦᠢ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ᠂ ᠤᠷᠠᠨ ᠳᠠᠷᠬᠠᠨ᠂ ᠲᠣᠮᠣ ᠤᠯᠤᠰ ᠤᠨ ᠤᠷᠠᠨ ᠳᠠᠷᠬᠠᠨ ᠢ ᠨᠡᠩ ᠣᠯᠠᠨ ᠬᠥᠮᠦᠵᠢᠭᠦᠯᠬᠦ ᠬᠦᠨᠳᠦ ᠡᠭᠦᠷᠭᠡ ᠶᠢ ᠪᠡᠶᠡᠯᠡᠭᠦᠯᠵᠦ ᠴᠢᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ  ᠃ 》       【 ᠦᠨᠡᠯᠡᠯᠲᠡ 】       ᠨᠠᠮ ᠤᠨ ᠬᠤᠷᠢᠳᠤᠭᠠᠷ ᠶᠡᠭᠡ ᠬᠤᠷᠠᠯ ᠠᠴᠠ᠂ 《 ᠰᠢᠨ᠎ᠡ ᠶᠢ ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ 》 ᠭᠡᠵᠦ ᠳᠤᠷᠠᠳᠴᠤ ᠂ ᠰᠢᠨᠵᠢᠯᠡᠬᠦ ᠤᠬᠠᠭᠠᠨ ᠤ ᠰᠤᠳᠤᠯᠭᠠᠨ ᠨᠢ ᠰᠢᠨ᠎ᠡ ᠶᠢ ᠡᠭᠦᠳᠬᠦ ᠬᠡᠯᠬᠢᠶ᠎ᠡ ᠶᠢᠨ ᠴᠢᠬᠤᠯᠠ ᠭᠤᠭᠴᠤᠭ᠎ᠠ ᠪᠣᠯᠤᠭᠰᠠᠨ  ᠤ ᠬᠤᠪᠢ ᠳᠤ᠂ ᠴᠢᠳᠠᠪᠤᠷᠢᠲᠠᠨ ᠤ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ ᠶᠢ ᠣᠷᠭᠠᠨᠢᠭ ᠢᠶᠠᠷ ᠵᠣᠯᠭᠠᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ  ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤ  ᠪᠠᠷ ᠪᠠᠶᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠢ ᠪᠦᠲᠦᠮᠵᠢᠲᠡᠶ ᠵᠣᠯᠭᠠᠭᠤᠯᠬᠤ ᠨᠢ ᠦᠶᠯᠡᠳᠪᠦᠷᠢᠯᠡᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠬᠠᠩᠭᠠᠬᠤ ᠪᠣᠯᠤᠨ᠎ᠠ  ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠥᠭᠵᠢᠯᠲᠡ ᠨᠢ ᠠᠵᠤ ᠦᠶᠯᠡᠰ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠳᠤ ᠲᠠᠰᠤᠷᠠᠯᠲᠠ ᠥᠬᠡᠶ ᠴᠢᠳᠠᠪᠤᠷᠢᠲᠠᠨ ᠤ ᠨᠥᠭᠡᠴᠡᠯᠡᠯᠲᠡ ᠶᠢ ᠰᠠᠶᠢᠲᠤᠷ ᠬᠢᠵᠦ᠂ ᠮᠡᠷᠭᠡᠵᠢᠯ ᠤᠷ᠎ᠠ ᠴᠢᠳᠠᠪᠤᠷᠢ ᠶᠢᠨ ᠰᠠᠭᠤᠷᠢ ᠶᠢ ᠪᠠᠬᠢᠵᠢᠭᠦᠯᠬᠦ ᠪᠣᠯᠤᠨ᠎ᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号