| | ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ | ᠤᠨ ᠰᠠᠭᠤᠷᠢᠨ ᠭᠠᠵᠠᠷ ᠢ ᠬᠦᠴᠦᠲᠡᠢ ᠪᠦᠳᠦᠭᠡᠨ ᠪᠠᠶᠢᠭᠤᠯᠤᠨ᠎ᠠ —— | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | | | ᠥᠪᠥᠷ ᠮᠣᠩᠭᠤᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠪᠠᠶᠢᠵᠤ᠂ 《 ᠬᠤᠨᠢ ᠨᠡᠭᠦᠷᠡᠰᠦ ᠨᠤᠲᠤᠭ ᠤᠨ | ᠰᠢᠲᠠᠮᠠᠬᠠᠢ ᠬᠡᠢ 》 ᠪᠠᠶᠢᠬᠤ ᠪᠠᠷ ᠪᠠᠷᠠᠬᠤ ᠦᠭᠡᠢ ᠪᠠᠰᠠ 《 ᠰᠠᠯᠬᠢ 》᠂ 《 ᠭᠡᠷᠡᠯ 》 ᠬᠢᠵᠠᠭᠠᠷ ᠦᠭᠡᠢ | ᠪᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠲᠤᠶᠢᠯ ᠤᠨ ᠴᠢᠬᠤᠯᠠ ᠪᠠᠶᠢᠷᠢ | ᠰᠠᠭᠤᠷᠢ ᠲᠠᠢ ᠶᠤᠮ ᠃ ᠪᠢᠳᠡ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠡᠯᠡᠬᠡᠢ | ᠶᠢᠨ ᠡᠨᠧᠷᠭᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠡ ᠬᠠᠨᠳᠤᠰᠢ ᠶᠢ ᠴᠢᠩᠭ᠎ᠠ ᠳᠠᠭᠠᠵᠤ᠂ ᠨᠢᠭᠡ ᠲᠠᠯ᠎ᠠ ᠪᠠᠷ | ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ | ᠶᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠰᠤᠷᠪᠤᠯᠵᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ | ᠠᠳᠬᠤᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠣᠯᠠᠨ ᠵᠦᠢᠯ ᠤᠨ ᠡᠨᠧᠷᠭᠢ ᠶᠢᠨ ᠰᠤᠷᠪᠤᠯᠵᠢ ᠶᠢ ᠬᠠᠮᠵᠢᠯᠴᠠᠭᠤᠯᠤᠨ ᠬᠠᠷᠢᠯᠴᠠᠨ | ᠨᠥᠬᠦᠪᠥᠷᠢᠯᠡᠭᠰᠡᠨ᠂ ᠶᠡᠷᠦᠩᠬᠡᠶᠢᠯᠡᠨ ᠠᠰᠢᠭᠯᠠᠭᠰᠠᠨ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠡᠨᠧᠷᠭᠢ | ᠬᠠᠩᠭᠠᠬᠤ ᠠᠷᠭ᠎ᠠ ᠮᠠᠶ᠋ᠢᠭ ᠢ ᠲᠦᠷᠭᠡᠪᠴᠢᠯᠡᠨ ᠪᠣᠢ ᠪᠣᠯᠭᠠᠵᠤ᠂ ᠤᠯᠤᠰ ᠣᠷᠣᠨ ᠳᠤ ᠨᠡᠩ ᠲᠣᠭᠲᠠᠭᠤᠨ᠂ ᠨᠡᠩ | ᠠᠮᠤᠷ ᠲᠦᠪᠰᠢᠨ᠂ ᠨᠡᠩ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠬᠠᠩᠭᠠᠬᠤ ᠬᠡᠷᠡᠭᠲᠡᠢ ᠃ | | | ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠳᠤ᠂ ᠨᠡᠭᠦᠷᠡᠰᠦ ᠪᠣᠯ ᠮᠠᠨ | ᠤ ᠤᠯᠤᠰ ᠤᠨ ᠭᠤᠣᠯ ᠴᠣᠭᠴᠠ ᠶᠢᠨ ᠡᠨᠧᠷᠭᠢ ᠶᠢᠨ ᠰᠤᠷᠪᠤᠯᠵᠢ ᠭᠡᠬᠦ ᠡᠨᠡ ᠬᠦ ᠪᠣᠳᠠᠲᠤ ᠪᠠᠶᠢᠳᠠᠯ ᠳᠤ ᠰᠠᠭᠤᠷᠢᠯᠠᠨ᠂ | ᠰᠢᠨ᠎ᠡ ᠬᠠᠭᠤᠴᠢᠨ ᠡᠨᠧᠷᠭᠢ ᠶᠢᠨ ᠰᠤᠷᠪᠤᠯᠵᠢ ᠶᠢ ᠡᠮᠬᠢ ᠵᠢᠷᠤᠮ ᠲᠠᠢ ᠪᠠᠷ ᠣᠷᠣᠯᠠᠭᠤᠯᠬᠤ ᠶᠢ ᠲᠦᠯᠬᠢᠨ | ᠠᠬᠢᠭᠤᠯᠵᠤ᠂ ᠨᠡᠭᠦᠷᠡᠰᠦ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠨᠡᠶᠢᠯᠡᠯ ᠢ ᠰᠢᠯᠢᠳᠡᠭᠵᠢᠭᠦᠯᠦᠨ᠂ ᠡᠨᠧᠷᠭᠢ ᠶᠢᠨ | ᠰᠤᠷᠪᠤᠯᠵᠢ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠬᠠᠩᠭᠠᠬᠤ ᠪᠠ ᠲᠣᠭᠲᠠᠭᠤᠨ ᠢᠶᠠᠷ ᠰᠢᠯᠵᠢᠬᠦ ᠶᠢ | ᠦᠨᠡᠨ ᠬᠦ ᠪᠠᠲᠤᠯᠠᠬᠤ ᠬᠡᠷᠡᠭᠲᠡᠢ ᠃ ᠡᠬᠢ ᠪᠠᠶᠠᠯᠢᠭ ᠢ ᠣᠨᠳᠣᠤᠰᠢᠭᠤᠯᠤᠨ ᠥᠷᠲᠡᠭ ᠢ ᠨᠢ ᠨᠡᠮᠡᠭᠳᠡᠭᠦᠯᠬᠦ ᠳᠡᠭᠡᠷ᠎ᠡ | ᠦᠷᠭᠦᠯᠵᠢᠯᠡᠨ ᠬᠦᠴᠦ ᠲᠠᠯᠪᠢᠵᠤ᠂ ᠠᠵᠤ ᠦᠶᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ ᠥᠷᠲᠡᠭ ᠤᠨ | ᠬᠡᠯᠬᠢᠶ᠎ᠡ ᠶᠢ ᠳᠡᠭᠡᠭᠰᠢᠯᠡᠭᠦᠯᠦᠨ᠂ ᠨᠡᠭᠦᠷᠡᠰᠦᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠨᠡᠭᠦᠷᠡᠰᠦᠨ ᠤ ᠰᠠᠭᠤᠷᠢ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠦᠷᠡᠰᠦ ᠶᠢ 《 ᠰᠠᠶᠢᠲᠤᠷ | ᠢᠳᠡᠵᠦ ᠰᠠᠶᠢᠲᠤᠷ ᠰᠢᠬᠠᠵᠤ ᠭᠠᠷᠭᠠᠬᠤ 》 ᠪᠠᠷ ᠴᠢᠷᠮᠠᠶᠢᠬᠤ ᠬᠡᠷᠡᠭᠲᠡᠶ ᠃ ᠥᠪᠥᠷ ᠮᠣᠩᠭᠤᠯ ᠤᠨ ᠬᠤᠪᠣᠷ ᠰᠢᠷᠣᠶ | ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠤᠶᠤ ᠶᠠᠰᠤ ᠴᠢᠨᠠᠷ ᠨᠢ ᠪᠦᠷ ᠳᠡᠯᠡᠬᠡᠶ ᠶᠢᠨ ᠲᠡᠰ ᠤᠨ ᠃ ᠬᠤᠪᠣᠷ | ᠰᠢᠷᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠯᠲᠡ᠂ ᠴᠢᠨᠠᠷ ᠰᠠᠶᠢᠲᠠᠶ ᠠᠰᠢᠭᠯᠠᠯᠲᠠ᠂ | ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠤᠪᠣᠷ ᠰᠢᠷᠣᠶ ᠶᠢᠨ ᠠᠵᠤ ᠦᠶᠯᠡᠰ ᠢ ᠨᠠᠷᠢᠯᠢᠭ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ 《 ᠳᠡᠯᠡᠬᠡᠶ ᠶᠢᠨ ᠲᠠᠰ ᠤᠨ ᠬᠠᠳᠠᠭᠠᠯᠠᠭᠳᠠᠴᠠ 》 ᠠᠴᠠ 《 ᠳᠡᠯᠡᠬᠡᠶ | ᠶᠢᠨ ᠲᠠᠰ ᠤᠨ ᠠᠵᠤ ᠦᠶᠯᠡᠰ 》 ᠳᠠᠰᠢ ᠳᠠᠪᠰᠢᠬᠤ ᠶᠢ ᠠᠬᠢᠭᠤᠯᠬᠤ ᠬᠡᠷᠡᠭᠲᠡᠶ ᠃ | | 《 ᠬᠤᠤᠰ ᠨᠡᠭᠦᠷᠡᠰᠦᠲᠥ᠋ᠷᠥᠭᠴᠢ 》 ᠶᠢᠨ ᠠᠬᠤᠶ ᠪᠠᠶᠢᠳᠠᠯ ᠳᠣᠤᠷ᠎ᠠ᠂ ᠰᠢᠨ᠎ᠡ ᠡᠨᠧᠷᠭᠢ ᠶᠢᠨ ᠳᠦᠷᠢ ᠨᠢ | ᠶᠠᠭ ᠪᠡᠯᠡᠳᠬᠡᠯ ᠬᠦᠴᠦᠨ ᠴᠡᠷᠢᠭ ᠪᠠᠶᠢᠭᠰᠠᠨ ᠠᠴᠠ ᠪᠠᠨ ᠭᠤᠤᠯ ᠬᠦᠴᠦᠨ ᠴᠡᠷᠢᠭ ᠪᠣᠯᠵᠣ ᠬᠤᠪᠢᠷᠠᠨ᠂ ᠬᠥᠭᠵᠢᠯᠲᠡ | ᠶᠢᠨ ᠴᠢᠬᠤᠯᠠ ᠲᠡᠦᠬᠡᠨ ᠠᠵᠠ ᠲᠣᠬᠢᠶᠠᠯᠳᠤ ᠬᠤᠭᠤᠴᠠᠭ᠎ᠠ ᠶᠢ ᠤᠭᠲᠤᠨ ᠠᠪᠴᠢᠷᠠᠪᠠ ᠃ ᠪᠢᠳᠡ ᠴᠤᠩᠬᠤᠪᠴᠢ ᠶᠢᠨ | ᠬᠤᠭᠤᠴᠠᠭ᠎ᠠ ᠶᠢ ᠠᠮᠵᠢᠵᠤ᠂ 《 ᠨᠢᠭᠡ ᠬᠥᠯᠭᠡ ᠰᠢᠳᠠᠷ᠎ᠠ 》 ᠶᠢ ᠰᠠᠶᠢᠲᠤᠷ ᠲᠠᠯᠪᠢᠵᠤ᠂ 《 ᠬᠠᠮ ᠠᠷᠭ᠎ᠠ | ᠬᠡᠮᠵᠢᠶ᠎ᠡ 》 ᠶᠢ ᠬᠡᠷᠡᠭᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠳᠡᠭᠡᠷ᠎ᠡ ᠶᠡᠭᠡ ᠠᠷᠭ᠎ᠠ ᠬᠡᠮᠵᠢᠶ᠎ᠡ ᠠᠪᠴᠤ᠂ | ᠲᠤᠮᠤ ᠬᠡᠯᠪᠡᠷᠢ ᠶᠢᠨ ᠦᠵᠡᠮᠵᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠲᠠ ᠳᠡᠭᠡᠷ᠎ᠡ ᠶᠡᠭᠡ ᠠᠵᠢᠯᠯᠠᠭ᠎ᠠ ᠠᠪᠴᠤ᠂ | ᠰᠢᠨ᠎ᠡ ᠡᠨᠧᠷᠭᠢ ᠶᠢᠨ ᠬᠦᠷᠢᠶᠡᠨ ᠳᠤ 《 ᠨᠢᠭᠡ ᠥᠪᠥᠷ ᠮᠣᠩᠭᠤᠯ ᠢ ᠪᠠᠶᠢᠭᠤᠯᠬᠤ 》 ᠪᠠᠷ ᠴᠢᠷᠮᠠᠶᠢᠵᠤ᠂ ᠪᠦᠬᠦ | ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲᠧᠮ ᠢ | ᠲᠦᠷᠦᠭᠦᠯᠡᠨ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠪᠠᠶᠢᠭᠤᠯᠬᠤ ᠬᠡᠷᠡᠭᠲᠡᠢ ᠃ ᠰᠢᠨ᠎ᠡ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠳᠤ ᠠᠵᠤ | ᠠᠬᠤᠢ ᠶᠢᠨ ᠦᠷ᠎ᠡ ᠠᠰᠢᠭ ᠢ ᠡᠷᠬᠢᠮᠯᠡᠨ᠂ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠵᠤ᠂ | ᠬᠠᠮᠲᠤᠷᠠᠨ ᠠᠵᠢᠯᠯᠠᠬᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠂ 《 ᠭᠤᠷᠪᠠᠨ ᠭᠤᠸ᠎ᠠ ᠬᠤᠶᠠᠷ | ᠴᠢᠪᠠᠭ᠎ᠠ 》 ᠶᠢᠨ ᠲᠥᠯᠥᠭᠡ ᠠᠯᠤᠰ ᠭᠡᠳᠤ ᠶᠢᠨ ᠠᠰᠢᠭ ᠲᠤᠰᠠ ᠪᠠᠨ ᠠᠯᠳᠠᠵᠤ ᠪᠣᠯᠬᠤ ᠦᠭᠡᠢ ᠃ ᠰᠢᠰᠲ᠋ᠧᠮ ᠤᠨ | ᠦᠵᠡᠯᠲᠡ᠂ ᠬᠡᠯᠬᠢᠶᠡᠲᠦ ᠰᠡᠳᠬᠢᠬᠦᠶ ᠪᠠᠨ ᠴᠢᠩᠭᠠᠳᠬᠠᠵᠤ᠂ 《 ᠰᠠᠯᠬᠢ ᠬᠡᠷᠡᠯ ᠤᠨ ᠡᠬᠢ ᠪᠠᠶᠠᠯᠢᠭ 》 ᠢ ᠨᠡᠭᠡᠭᠡᠨ | ᠬᠥᠭᠵᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠢᠵᠢ ᠪᠦᠷᠢᠳᠦᠭᠦᠯᠬᠦ ᠪᠠ ᠠᠬᠤᠶ ᠲᠠᠯᠠᠪᠠᠶ ᠶᠢᠨ | ᠬᠡᠷᠡᠭᠯᠡᠯᠲᠡ ᠶᠢ ᠥᠷᠭᠡᠳᠬᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠷᠭᠢᠯ ᠤᠨ ᠴᠠᠬᠢᠯᠭᠠᠨ ᠡᠭᠦᠰᠭᠡᠭᠴᠢ᠂ | ᠴᠠᠬᠢᠯᠭᠠᠨ ᠤ ᠲᠣᠤᠷ ᠤᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ | ᠲᠥᠷᠥᠯ ᠵᠦᠶᠯ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ | ᠦᠶᠯᠡᠰ ᠪᠣᠯᠤᠨ ᠠᠵᠢᠯᠯᠠᠭᠤᠯᠵᠤ ᠬᠠᠮᠠᠭᠠᠯᠠᠬᠤ ᠦᠶᠯᠡᠴᠢᠯᠡᠭᠡᠨ ᠤ ᠦᠶᠯᠡᠰ ᠢ ᠶᠡᠭᠡ ᠪᠠᠷ ᠬᠥᠭᠵᠢᠭᠦᠯᠵᠦ᠂ 《 | ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ 》᠂ 《 ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ 》 | ᠬᠠᠭᠤᠴᠢᠨ ᠵᠠᠮ ᠢᠶᠠᠷ ᠳᠠᠭᠢᠵᠤ ᠶᠠᠪᠤᠵᠤ ᠪᠣᠯᠬᠤ ᠥᠬᠡᠶ ᠃ | | ᠴᠠᠭ ᠦᠶ᠎ᠡ ᠶᠢᠨ ᠤᠷᠤᠰᠬᠠᠯ ᠳᠣᠯᠭᠢᠶᠠᠯᠠᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠬᠥᠮᠦᠰ ᠢ | ᠤᠷᠮᠠᠰᠢᠭᠤᠯᠤᠨ᠎ᠠ ᠃ ᠪᠢᠳᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠪᠠᠳᠠᠷᠠᠭᠤᠯᠬᠤ ᠶᠢ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠲᠠᠢ ᠨᠢᠭᠲᠠ ᠤᠶᠠᠯᠳᠤᠭᠤᠯᠵᠤ᠂ | ᠡᠨᠧᠷᠭᠢ ᠶᠢᠨ ᠠᠵᠤ ᠠᠬᠤᠢ ᠶᠢᠨ 《 ᠪᠣᠬᠢᠷᠲᠤᠯ ᠦᠭᠡᠢ 》 ᠪᠠᠶᠢᠳᠠᠯ ᠲᠡᠶᠢᠰᠢ ᠤᠷᠤᠭᠰᠢᠯᠠᠬᠤ᠂ 《 ᠰᠢᠨ᠎ᠡ 》 | ᠲᠡᠶᠢᠰᠢ ᠤᠷᠤᠭᠰᠢᠯᠠᠬᠤ ᠶᠢ ᠠᠬᠢᠭᠤᠯᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ 《 ᠡᠨᠧᠷᠭᠢ ᠶᠢᠨ ᠰᠤᠷᠪᠤᠯᠵᠢ | ᠪᠠ ᠪᠤᠳᠠᠭᠠᠨ ᠠᠶᠠᠭ᠎ᠠ 》 ᠪᠠᠨ ᠲᠣᠭᠲᠠᠭᠤᠨ ᠪᠠᠶᠢᠯᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠃ |