ᠬᠢᠩᠭᠠᠨ ᠠᠶᠢᠮᠠᠭ 2023 ᠣᠨ ᠤ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠴᠠᠭ ᠢ ᠲᠡᠮᠳᠡᠭᠯᠡᠬᠦ ᠪᠣᠭᠤᠮᠲᠠ ᠰᠢᠪᠲᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
       2 ᠰᠠᠷ᠎ᠠ ᠶᠢᠨ ᠴᠣᠩᠬᠤᠪᠴᠢ ᠶᠢᠨ ᠬᠤᠭᠤᠴᠠᠭ᠎ᠠ ᠶᠢ ᠭᠦᠢᠴᠡᠳ ᠠᠰᠢᠭᠯᠠᠨ᠂ 2023 ᠣᠨ ᠤ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽2023 ᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠴᠠᠭ ᠢ ᠪᠤᠳᠤᠬᠤ ᠪᠣᠭᠤᠮᠲᠠ ᠰᠢᠪᠲᠤᠯᠬᠤ ᠬᠤᠷᠠᠯ︾ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠦᠩ ᠵᠢᠩ ᠶᠠᠩ᠂ ᠡᠯ᠎ᠡ ᠬᠤᠰᠢᠭᠤ ᠰᠢᠶᠠᠨ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠬᠤᠯᠪᠣᠭᠳᠠᠯ ᠪᠦᠬᠦᠢ ᠠᠵᠢᠯᠳᠠᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ ᠠᠵᠢᠯᠲᠠᠨ ᠵᠡᠷᠭᠡ 40 ᠭᠠᠷᠤᠢ ᠬᠥᠮᠦᠨ ᠬᠤᠷᠠᠯ ᠳᠤ ᠣᠷᠣᠯᠴᠠᠪᠠ᠃
   ᠬᠤᠷᠠᠯ ᠠᠴᠠ᠂ ︽ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠵᠠᠷᠤᠯᠭ᠎ᠠ ᠬᠢᠭᠡᠳ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠬᠠᠷᠢᠴᠠᠯ︾ ᠪᠣᠯ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠬᠤ ᠠᠶᠢᠮᠠᠭ ᠬᠤᠲᠠ ᠶᠢᠨ ᠴᠢᠬᠤᠯᠠ ᠭᠦᠢᠴᠡᠳᠬᠡᠯ ᠲᠤᠭ᠎ᠠ ᠮᠥᠨ᠂ ᠰᠤᠳᠤᠯᠤᠨ ᠨᠡᠭᠡᠭᠡᠬᠦ ᠣᠷᠣᠭᠤᠯᠤᠯᠲᠠ ᠪᠣᠯ ᠨᠢᠭᠡ ᠭᠠᠵᠠᠷ ᠣᠷᠣᠨ᠂ ᠨᠢᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠡᠮᠵᠢᠬᠦ ᠭᠤᠣᠯ ᠭᠦᠢᠴᠡᠳᠬᠡᠯ ᠲᠤᠭ᠎ᠠ ᠮᠥᠨ᠃ ᠡᠯ᠎ᠡ ᠬᠤᠰᠢᠭᠤ ᠰᠢᠶᠠᠨ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠲᠦᠷᠭᠡᠨ ᠠᠬᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠠᠵᠤ ᠠᠬᠤᠶᠢᠯᠠᠯ ︽ᠲᠤᠰᠬᠠᠶ ᠮᠡᠷᠭᠡᠵᠢᠯᠲᠡᠨ ᠤ ᠲᠠᠪᠴᠠᠩ︾ ᠤᠨ ᠵᠠᠭᠪᠤᠷ ᠢ ᠭᠦᠶ᠋ᠴᠡᠳ ᠠᠰᠢᠭᠯᠠᠵᠤ᠂ ᠰᠤᠳᠤᠯᠤᠨ ᠨᠡᠭᠡᠭᠡᠬᠦ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠳᠠᠭᠠᠤ᠂ ᠰᠤᠳᠤᠯᠤᠨ ᠨᠡᠭᠡᠭᠡᠬᠦ ᠲᠥᠷᠥᠯ ᠵᠦᠶ᠋ᠯ ᠪᠠᠶᠢᠭᠤᠯᠵᠤ ᠴᠢᠳᠠᠬᠤ ᠥᠬᠡᠶ᠂ ᠰᠤᠳᠤᠯᠤᠨ ᠨᠡᠭᠡᠭᠡᠬᠦ ᠶᠠᠪᠤᠴᠠ ᠶᠢ ᠬᠠᠮᠢᠶᠠᠷᠴᠤ ᠴᠢᠳᠠᠬᠤ ᠥᠬᠡᠶ᠂ ᠰᠤᠳᠤᠯᠤᠨ ᠨᠡᠭᠡᠭᠡᠬᠦ ᠵᠠᠷᠤᠳᠠᠯ ᠢ ᠪᠤᠴᠠᠭᠠᠵᠤ ᠴᠢᠳᠠᠬᠤ ᠥᠬᠡᠶ ᠵᠡᠷᠭᠡ ᠡᠪᠡᠷᠰᠢᠶᠡᠯ ᠪᠠ ᠲᠦᠭᠵᠢᠷᠡᠯ ᠤᠨ ᠠᠰᠠᠭᠤᠳᠠᠯ ᠢ ᠦᠨᠡᠨ ᠬᠦ ᠰᠢᠶ᠋ᠳᠪᠦᠷᠢᠯᠡᠵᠦ᠂ ᠰᠤᠳᠤᠯᠤᠨ ᠨᠡᠭᠡᠭᠡᠬᠦ ᠵᠠᠷᠤᠳᠠᠯ ᠤᠨ ᠬᠠᠳᠠᠭᠠᠯᠠᠯᠲᠠ ᠶᠢ ᠰᠢᠯᠢᠳᠡᠭᠵᠢᠭᠦᠯᠦᠨ᠂ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠭᠳᠡᠯ ᠤᠨ ᠬᠡᠮᠵᠢᠶ᠎ᠡ ᠶᠢ ᠶᠡᠬᠡᠰᠬᠡᠵᠦ᠂ ᠬᠢᠩᠭᠠᠨ ᠠᠶᠢᠮᠠᠭ ᠤᠨ R ᠳᠤ ᠬᠦᠴᠦᠨ ᠨᠡᠮᠡᠷᠢᠯᠡᠬᠦ ᠬᠡᠷᠡᠭᠲᠡᠶ᠃
   ᠲᠣᠰ ᠤᠳᠠᠭᠠᠨ ᠤ ᠬᠤᠷᠠᠯ ᠠᠴᠠ ︽ᠶᠦᠨ ᠺᠧ ᠭᠠᠶᠢᠯᠢ ᠶᠢᠨ ᠨᠡᠪᠲᠡᠷᠡᠯᠴᠡᠭᠡ︾ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ ᠬᠤᠸᠠᠩ ᠸᠧᠨ ᠶᠢᠨ ᠪᠠᠭᠰᠢ᠂ ᠬᠤᠸᠠᠩ ᠵᠢᠶᠦ᠋ᠨ ᠪᠠᠭᠰᠢ ᠶᠢ ᠤᠷᠢᠵᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠯᠢ ᠰᠢᠯᠢᠳᠡᠭᠵᠢᠬᠦᠯᠬᠦ ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠤᠨ ᠡᠮᠬᠢᠳᠬᠡᠬᠦ᠂ ︽ᠶᠦᠨ ᠺᠧ ᠭᠠᠶᠢᠯᠢ ᠶᠢᠨ ᠨᠡᠪᠲᠡᠷᠬᠡᠶ ᠲᠠᠪᠴᠠᠩ︾ ᠤᠨ ᠬᠡᠷᠡᠭᠯᠡᠯᠲᠡ ᠶᠢᠨ ᠦᠨ᠎ᠡ ᠥᠷᠲᠡᠭ ᠢ ᠨᠠᠷᠢᠨ ᠲᠠᠶᠢᠯᠪᠤᠷᠢᠯᠠᠵᠤ᠂ ᠬᠤᠰᠢᠭᠤ ᠰᠢᠶᠠᠨ ᠬᠤᠲᠠ ᠶᠢᠨ ᠠᠵᠤ ᠠᠬᠤᠶᠢᠯᠠᠯ ᠳᠤ ᠦᠢᠯᠡᠴᠢᠯᠡᠬᠦ ᠶᠢ ᠵᠢᠯᠣᠭᠤᠳᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠤᠨ ᠰᠤᠳᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭᠠᠨ ᠤ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠶᠤᠮ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠯ᠎ᠡ ᠬᠤᠰᠢᠭᠤ ᠰᠢᠶᠠᠨ ᠬᠤᠲᠠ ᠶᠢᠨ ᠠᠵᠤ ᠠᠬᠤᠶᠢᠯᠠᠯ ᠳᠤ ᠣᠴᠢᠭᠤᠯᠤᠨ ᠲᠤᠬᠠᠶ ᠶᠢᠨ ᠭᠠᠵᠠᠷ ᠲᠤᠨᠢ ᠵᠢᠯᠣᠭᠤᠳᠣᠯᠭ᠎ᠠ ᠬᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠤᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠵᠢᠯᠣᠭᠤᠳᠣᠯᠭ᠎ᠠ ᠬᠢᠵᠦ᠂ ᠠᠵᠤ ᠠᠬᠤᠶᠢᠯᠠᠯ ᠢ ᠬᠠᠪᠰᠤᠷᠤᠨ ᠰᠤᠳᠤᠯᠤᠨ ᠨᠡᠭᠡᠭᠡᠬᠦ ᠵᠠᠷᠤᠳᠠᠯ ᠢ ᠵᠣᠬᠢᠰᠲᠠᠶ ᠴᠤᠭᠯᠠᠭᠤᠯᠵᠤ᠂ ᠲᠠᠷᠠᠭᠠᠴᠢ ᠶᠢᠨ ᠠᠯᠬᠤᠮ ᠤᠨ ᠰᠤᠳᠤᠯᠤᠨ ᠨᠡᠭᠡᠭᠡᠬᠦ ᠵᠠᠷᠤᠳᠠᠯ ᠢ ᠪᠦᠷᠢᠳᠬᠡᠨ ᠲᠠᠭᠯᠠᠬᠤ ᠳᠤ ᠰᠠᠶᠢᠨ ᠰᠠᠭᠤᠷᠢ ᠲᠠᠯᠪᠢᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠡᠶᠡᠯᠡᠭᠦᠯᠦᠨ᠎ᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号