ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠳᠣᠯᠣᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2023/12/1
   ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠵᠥᠪᠯᠡᠵᠦ ᠳᠠᠭᠤᠰᠬᠠᠭᠠᠳ᠂ 11 ᠰᠠᠷ᠎ᠠ ᠶᠢᠨ 30 ᠤ ᠦᠳᠡ ᠶᠢᠨ ᠬᠤᠶᠢᠨ᠎ᠠ ᠲᠡᠭᠦᠰᠪᠡ᠃     ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 73 ᠬᠥᠮᠥᠨ ᠪᠤᠶ᠂ 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ ᠴᠦᠨ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠫᠠᠨᠽᠠᠴᠢᠨ ᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ︶︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠠᠵᠢᠯ ᠤᠨ ᠳᠦᠷᠢᠮ﹀ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠪᠠᠲᠤᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽︿ᠭᠦᠭᠡᠬᠤᠲᠠ ᠶᠢᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 2 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠪᠤᠭᠤᠲᠤ ᠬᠤᠲᠠ ᠶᠢᠨ ᠳᠠᠬᠢᠯᠲᠠ ᠤᠰᠤᠨ ᠤ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠲᠦᠩᠯᠢᠶᠣᠣ ᠬᠤᠲᠠ ᠶᠢᠨ ᠬᠤᠲᠠ ᠶᠢᠨ ᠤᠰᠤ ᠬᠠᠩᠭᠠᠬᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠣᠷᠳᠣᠰ ᠬᠤᠲᠠ ᠶᠢᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠪᠠ᠃     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠪᠠᠲᠤᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠ ᠵᠠᠷᠢᠮ ᠲᠥᠯᠥᠭᠡᠯᠡᠭᠴᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠲᠤᠬᠠᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠪᠠᠲᠤᠯᠠᠪᠠ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃    ᠯᠢᠨ ᠱᠤᠤ ᠴᠦᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃    ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号