ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2023 ᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠠᠮᠢᠶᠠᠷᠴᠤ ᠬᠡᠷᠡᠭᠯᠡᠬᠦ ᠲᠤᠰᠬᠠᠶ ᠰᠡᠳᠦᠪᠲᠦ ᠪᠣᠯᠪᠠᠰᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/12/4
     ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠢᠷ ᠠᠰᠠᠭᠤᠳᠠᠯ᠂ ᠲᠦᠭᠵᠢᠷᠡᠯ ᠢ ᠭᠦᠢᠴᠡᠳ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠨᠠᠶᠢᠷᠠᠭᠤᠯᠤᠨ ᠵᠣᠬᠢᠶᠠᠬᠤ᠂ ᠬᠠᠮᠢᠶᠠᠷᠤᠨ ᠬᠡᠷᠡᠭᠯᠡᠬᠦ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2023 ᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠡᠷᠭᠢᠯᠡᠪᠡ᠃
   ᠣᠨᠴᠠ ᠤᠷᠢᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ ᠬᠢᠨᠠᠨ ᠬᠠᠮᠢᠶᠠᠷᠬᠤ ᠦᠢᠯᠡᠴᠢᠯᠡᠭᠡᠨ ᠤ ᠲᠥᠪ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠬᠢᠭᠡᠳ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠵᠠᠩ ᠵᠢᠶᠠᠩ᠂ ︽ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠠᠮᠢᠶᠠᠷᠴᠤ ᠬᠡᠷᠡᠭᠯᠡᠬᠦ ᠲᠥᠷᠥ ᠶᠢᠨ ᠪᠣᠳᠣᠯᠭ᠎ᠠ ᠬᠢᠭᠡᠳ ᠪᠣᠳᠠᠲᠤ ᠶᠠᠪᠤᠳᠠᠯ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠬᠢᠭᠡᠳ ᠱᠠᠭᠠᠷᠳᠠᠯᠭ᠎ᠠ᠂ ᠬᠠᠤᠯᠢ ᠶᠢᠨ ᠡᠷᠬᠡᠲᠡᠨ ᠤ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠬᠢᠭᠡᠳ ᠬᠢᠨᠠᠯᠲᠠ ᠲᠠᠯᠪᠢᠬᠤ ᠭᠤᠤᠯᠳᠠᠯᠭ᠎ᠠ ᠬᠤᠶᠠᠷ ᠲᠠᠯ᠎ᠠ ᠠᠴᠠ ᠬᠢᠴᠢᠶᠡᠯ ᠣᠷᠣᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ᠂ ᠨᠠᠷᠢᠨ ᠲᠠᠶᠢᠯᠪᠤᠷᠢᠯᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠩ ᠭᠦᠨᠵᠡᠭᠡᠶ ᠲᠠᠨᠢᠭᠤᠯᠵᠤ᠂ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠪᠠ ᠴᠢᠭᠯᠡᠯ ᠢ ᠨᠠᠩ ᠣᠨᠣᠪᠴᠢᠲᠠᠶ ᠡᠵᠡᠮᠰᠢᠭᠦᠯᠪᠡ᠃ ᠮᠠᠨ ᠤ ᠣᠷᠣᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠵᠠᠯᠭᠠᠨ ᠠᠪᠴᠤ ᠰᠠᠶᠢᠲᠤᠷ ᠬᠠᠮᠢᠶᠠᠷᠬᠤ︾ ᠶᠢ ᠪᠡᠶᠡᠯᠡᠭᠦᠯᠵᠦ᠂ ᠡᠵᠡᠨ ᠮᠡᠳᠡᠬᠦ ᠡᠷᠬᠡ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ︽ᠳᠠᠷᠤᠭᠠᠰᠤ ᠶᠢ ᠬᠥᠩᠭᠡᠷᠡᠭᠦᠯᠬᠦ︾᠂ ︽ᠬᠦᠯᠢᠶᠡᠰᠦ ᠶᠢ ᠰᠤᠯᠠᠷᠠᠭᠤᠯᠬᠤ︾ ᠳᠤ ᠨᠡᠩ ᠤᠯᠠᠨ ᠠᠵᠢᠯ ᠤᠨ ᠰᠡᠳᠬᠢᠮᠵᠢ ᠬᠠᠩᠭᠠᠭᠰᠠᠨ ᠪᠠᠶᠢᠨ᠎ᠠ᠃    ᠪᠣᠯᠪᠠᠰᠤᠷᠠᠯ ᠳᠤ ᠣᠷᠣᠯᠴᠠᠭᠰᠠᠳ ᠲᠤᠰᠬᠠᠶ ᠮᠡᠷᠭᠡᠵᠢᠯᠲᠡᠨ ᠪᠠᠭᠰᠢ ᠲᠠᠢ ᠢᠳᠡᠪᠬᠢᠲᠡᠶ ᠪᠠᠷ ᠬᠠᠷᠢᠯᠴᠠᠨ ᠰᠣᠯᠢᠯᠴᠠᠭ᠎ᠠ ᠬᠢᠬᠦ ᠶᠢᠨ ᠬᠠᠮᠲᠤ ᠶᠡᠭᠡ ᠣᠯᠤᠯᠲᠠ ᠲᠠᠢ ᠭᠡᠵᠦ ᠢᠯᠡᠷᠬᠡᠶᠢᠯᠡᠵᠡᠶ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠬᠠᠨᠳᠤᠯᠭᠠᠲᠤ ᠴᠢᠨᠠᠷᠲᠠᠶ ᠪᠥᠭᠡᠳ ᠬᠡᠷᠡᠭᠯᠡᠭᠡᠨ ᠤ ᠴᠢᠨᠠᠷᠲᠠᠶ ᠪᠠᠶᠢᠵᠤ᠂ ᠲᠥᠷᠥᠯ ᠵᠦᠶ᠋ᠯ ᠢ ᠳᠠᠭᠠᠭᠠᠨ ᠠᠪᠤᠭᠰᠠᠨ ᠨᠢᠭᠡᠴᠢ ᠶᠢᠨ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠤᠶᠢᠯᠠᠭᠠᠨ ᠡᠵᠡᠮᠰᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠴᠤ ᠬᠡᠷᠡᠭᠯᠡᠬᠦ ᠶᠢ ᠴᠢᠩᠭᠠᠳᠬᠠᠬᠤ ᠳᠤ ᠪᠦᠲᠦᠮᠵᠢᠲᠡᠶ ᠯᠠᠪᠯᠠᠯᠲᠠ ᠬᠠᠩᠭᠠᠭᠰᠠᠨ ᠪᠠᠶᠢᠨ᠎ᠠ᠃    ᠪᠣᠯᠪᠠᠰᠤᠷᠠᠭᠤᠯᠤᠯ ᠨᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠵᠠᠭᠪᠤᠷ ᠢᠶᠠᠷ ᠶᠠᠪᠤᠭᠳᠠᠵᠤ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠵᠢᠯᠲᠠᠨ᠂ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠲᠥᠯᠥᠭᠡᠯᠡᠭᠴᠢ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ ᠠᠵᠢᠯᠲᠠᠨ ᠲᠤᠬᠠᠶ ᠶᠢᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ᠂ ᠠᠵᠤ ᠠᠬᠤᠶᠢᠯᠠᠯ ᠰᠦᠯᠵᠢᠶᠡᠨ ᠳᠡᠭᠡᠷ᠎ᠡ ᠬᠤᠷᠠᠯ ᠳᠤ ᠣᠷᠣᠯᠴᠠᠪᠠ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号