| | ᠲᠦᠷᠦᠭᠦᠬᠡᠨ᠂ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠵᠢᠴᠢ | ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ | ᠬᠥᠬᠡᠬᠤᠲᠠ ᠳᠤ ᠬᠤᠷᠠᠯᠳᠤᠵᠤ᠂ ᠬᠤᠷᠠᠯ ᠤᠨ ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠪᠠ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠳᠠᠷᠤᠭ᠎ᠠ | ᠨᠢᠦ ᠢ ᠳ᠋ᠢᠩ᠂ ᠬᠤᠷᠠᠯ ᠤᠨ ᠢᠯᠡᠳᠬᠡᠯ ᠬᠥᠮᠦᠰ ᠤᠨ ᠰᠡᠳᠬᠢᠯ ᠢ ᠬᠥᠭᠵᠢᠭᠡᠵᠦ᠂ ᠰᠢᠨ᠎ᠡ ᠨᠢᠭᠡ ᠵᠢᠯ ᠤᠨ ᠪᠦᠬᠦ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠲᠡᠮᠡᠴᠡᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ ᠃ | ᠳᠡᠭᠡᠳᠦ ᠵᠡᠷᠭᠡ ᠶᠢᠨ ᠰᠤᠷᠭᠠᠭᠤᠯᠢ ᠪᠣᠯ ᠤᠯᠤᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠴᠢᠬᠤᠯᠠ | ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠦᠶᠯᠡᠳᠪᠦᠷᠢᠯᠡᠯ ᠤᠨ ᠬᠦᠴᠦᠨ᠂ | ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠬᠦ ᠬᠦᠴᠦᠨ ᠤ ᠴᠢᠬᠤᠯᠠ | ᠤᠶᠠᠯᠳᠤᠯ ᠤᠨ ᠴᠡᠭ ᠮᠥᠨ᠂ ᠤᠯᠤᠰ ᠠᠴᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ | ᠶᠢᠨ ᠬᠥᠳᠡᠯᠭᠡᠭᠦᠷ ᠪᠣᠯᠭᠠᠬᠤ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ | ᠣᠷᠣᠯᠠᠭᠤᠯᠵᠤ ᠪᠣᠯᠤᠰᠢ ᠥᠬᠡᠶ ᠦᠶᠯᠡᠳᠦᠯ ᠲᠠᠢ ᠶᠤᠮ ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠮᠠᠨ ᠤ | ᠣᠷᠣᠨ ᠤ ᠴᠣᠷ ᠤᠨ ᠭᠠᠭᠴᠠ ᠤᠯᠤᠰ ᠤᠨ 《 ᠬᠤᠤᠰ ᠲᠡᠷᠢᠭᠦᠨ ᠲᠠᠰ 》 ᠤᠨ ᠪᠥᠲᠥᠭᠡᠨ ᠪᠠᠶᠢᠭᠤᠯᠤᠯᠲᠠ ᠶᠢᠨ | ᠶᠡᠭᠡ ᠳᠡᠭᠡᠳᠦ ᠰᠤᠷᠭᠠᠭᠤᠯᠢ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠂ 《 ᠳᠥᠷᠪᠡᠨ ᠬᠠᠨᠳᠤᠬᠤ | 》 ᠶᠢ ᠪᠠᠷᠢᠮᠲᠠᠯᠠᠨ᠎ᠠ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ | ᠪᠠᠶᠢᠷᠢᠰᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ 《 ᠲᠠᠪᠤᠨ ᠶᠡᠭᠡ ᠡᠭᠦᠷᠭᠡ 》 ᠶᠢᠨ ᠲᠣᠭᠤᠷᠢᠨ ᠳᠤ᠂ | ᠥᠨᠳᠥᠷ ᠬᠢᠷᠢ ᠲᠦᠪᠰᠢᠨ ᠪᠥᠬᠦᠶ ᠰᠤᠳᠤᠯᠭᠠᠨ ᠤ ᠲᠠᠪᠴᠠᠩ ᠢ ᠪᠠᠶᠢᠭᠤᠯᠤᠨ᠎ᠠ᠂ ᠵᠣᠬᠢᠶᠠᠨ ᠪᠠᠶᠢᠭᠤᠯᠤᠯᠲᠠ ᠲᠠᠢ | ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠪᠣᠶᠢᠵᠢᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠢ | ᠬᠥᠮᠦᠵᠢᠭᠦᠯᠬᠦ ᠠᠵᠢᠯ ᠢ ᠬᠦᠴᠦᠯᠡᠨ ᠴᠢᠩᠭᠠᠳᠬᠠᠨ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ | ᠦᠶᠯᠡᠴᠢᠯᠡᠭᠡ ᠶᠢ ᠰᠢᠯᠢᠳᠡᠭᠵᠢᠭᠦᠯᠦᠨ᠎ᠡ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠂ | ᠥᠪᠡᠷᠲᠡᠭᠡᠨ ᠵᠠᠰᠠᠬᠤ ᠣᠷᠣᠨ ᠤ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ ᠭᠠᠵᠠᠷ 》᠂ 《 ᠨᠢᠭᠡ | ᠪᠠᠬᠢᠯᠡᠯᠲᠡ 》 ᠶᠢᠨ ᠪᠥᠲᠥᠭᠡᠨ ᠪᠠᠶᠢᠭᠤᠯᠤᠯᠲᠠ ᠳᠤ ᠰᠤᠷᠭᠠᠨ ᠬᠥᠮᠦᠵᠢᠯ ᠬᠠᠩᠭᠠᠨ᠎ᠠ᠂ ᠲᠧᠭᠨᠢᠭ ᠮᠡᠷᠭᠡᠵᠢᠯ᠂ | ᠴᠢᠳᠠᠪᠤᠷᠢᠲᠠᠨ ᠤ ᠲᠦᠰᠢᠭ ᠲᠤᠯᠭᠠᠭᠤᠷᠢ ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠵᠠᠩ ᠵᠢᠶᠦ᠋ᠨ ᠢᠯᠡᠷᠬᠡᠶᠢᠯᠡᠬᠦ ᠳᠡᠭᠡᠨ᠂ | ᠵᠢᠱᠢᠶ᠎ᠡ ᠦᠵᠡᠭᠦᠯᠬᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠲᠠᠪᠴᠠᠩ ᠤᠨ ᠬᠡᠯᠪᠡᠷᠢ ᠶᠢᠨ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠯᠤᠰ ᠤᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ | ᠳᠡᠭᠡᠳᠦ ᠲᠠᠰ ᠤᠨ ᠠᠵᠤ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠵᠤ᠂ | ᠰᠡᠳᠬᠢᠮᠵᠢ ᠠᠷᠭ᠎ᠠ ᠬᠡᠮᠵᠢᠶ᠎ᠡ ᠪᠠᠨ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠲᠥᠷᠥᠯ ᠵᠦᠶᠯ ᠤᠨ ᠲᠤᠯᠭᠠᠭᠤᠷᠢᠯᠠᠯ | ᠢᠶᠠᠨ ᠴᠢᠩᠭᠠᠳᠬᠠᠨ ᠪᠣᠳᠠᠲᠠᠶᠢᠵᠢᠭᠤᠯᠤᠨ᠎ᠠ ᠭᠡᠵᠡᠶ ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠤᠷᠢᠳᠠᠪᠠᠷ ᠬᠡᠷᠡᠭᠵᠢᠭᠦᠯᠵᠦ | ᠤᠷᠢᠳᠠᠪᠠᠷ ᠲᠤᠷᠰᠢᠬᠤ ᠶᠢ ᠢᠳᠡᠪᠬᠢᠲᠡᠶ ᠠᠬᠢᠭᠤᠯᠵᠤ᠂ ᠲᠡᠭᠦᠨ ᠢ ᠬᠠᠮᠢᠶᠠᠷᠤᠯᠲᠠ ᠶᠢᠨ ᠲᠦᠷᠢᠮ ᠢ ᠣᠳᠣᠬᠢᠴᠢᠯᠠᠭᠰᠠᠨ | ᠂ ᠠᠵᠢᠯᠯᠠᠭᠠᠨ ᠤ ᠲᠣᠭᠲᠠᠴᠠ ᠶᠢ ᠵᠠᠬ᠎ᠠ ᠳᠡᠯᠭᠡᠭᠦᠷᠴᠢᠯᠡᠭᠰᠡᠨ᠂ ᠬᠥᠮᠦᠨ ᠬᠡᠷᠡᠭᠯᠡᠬᠦ ᠲᠣᠭᠲᠠᠴᠠ ᠶᠢ | ᠠᠮᠢᠳᠤᠯᠢᠭᠵᠢᠭᠤᠯᠤᠭᠰᠠᠨ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠬᠦ ᠲᠠᠪᠴᠠᠩ ᠪᠣᠯᠭᠠᠨ ᠪᠠᠶᠢᠭᠤᠯᠤᠨ᠎ᠠ ᠃ | ᠬᠤᠷᠠᠯ ᠤᠨ ᠢᠯᠡᠳᠬᠡᠯ ᠳᠤ᠂ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠠᠴᠠ ᠡᠭᠦᠰᠴᠦ᠂ 《 ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠠᠵᠢᠯ ᠢ ᠬᠠᠮᠵᠢᠯᠴᠠᠨ | ᠠᠬᠢᠭᠤᠯᠬᠤ ᠶᠢ ᠪᠠᠷᠢᠮᠲᠠᠯᠠᠬᠤ ᠬᠡᠷᠡᠭᠲᠡᠶ ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠳ᠋ᠦᠩ ᠢᠦ᠋ᠢ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠢᠮᠠᠭᠲᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠳᠤ ᠰᠠᠭᠤᠷᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠴᠦᠯᠡᠵᠦ᠂ ᠥᠨᠳᠥᠷ ᠬᠡᠪ ᠪᠣᠯᠪᠠᠰᠤᠷᠠᠯ ᠲᠠᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠪᠠ ᠃ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠥᠬᠦ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠲᠣᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠵᠠᠩᠭᠢᠯᠠᠭ᠎ᠠ ᠶᠢᠨ | ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠢᠳᠡᠪᠬᠢᠲᠡᠶ ᠡᠭᠦᠷᠭᠡᠯᠡᠵᠦ᠂ ᠥᠪᠡᠷᠲᠡᠭᠡᠨ ᠵᠠᠰᠠᠬᠤ | ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠰ ᠤᠨ ᠬᠥᠭᠵᠢᠯᠲᠡ ᠶᠢ ᠳᠠᠶᠢᠴᠢᠯᠠᠬᠤ ᠪᠣᠯᠤᠨ᠎ᠠ ᠃ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ | ᠰᠤᠳᠤᠯᠬᠤ ᠭᠠᠵᠠᠷ ᠤᠨ ᠳᠠᠷᠤᠭ᠎ᠠ ᠯᠢᠨ ᠺᠧ ᠵᠢᠶᠠᠨ᠂ ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠬᠤ ᠲᠠᠪᠴᠠᠩ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ ᠭᠡᠵᠦ | ᠲᠣᠳᠣᠷᠬᠠᠢ ᠳᠤᠷᠠᠳᠪᠠ ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠥᠬᠡᠬᠤᠲᠠ ᠶᠢᠨ ᠵᠠᠰᠠᠭ ᠤᠨ | ᠣᠷᠳᠣᠨ ᠤ ᠬᠠᠮᠲᠤ ᠪᠠᠷ ᠪᠠᠶᠢᠭᠤᠯᠤᠭᠰᠠᠨ 《 ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ 》 ᠨᠢ 《 4 + 8 + N 》 ᠲᠣᠭᠲᠠᠴᠠ ᠶᠢ ᠨᠠᠶᠢᠳᠠᠪᠤᠷᠢᠵᠢᠭᠤᠯᠵᠤ᠂ ᠥᠨᠳᠥᠷ | ᠲᠦᠪᠰᠢᠨ ᠪᠥᠬᠦᠶ ᠰᠢᠨ᠎ᠡ ᠶᠢ ᠡᠭᠦᠳᠬᠦ ᠬᠦᠴᠦᠨ ᠢ ᠨᠢᠭᠲᠠᠷᠠᠭᠤᠯᠵᠤ᠂ ᠣᠷᠣᠨ ᠪᠦᠰᠡ ᠶᠢᠨ ᠴᠢᠨᠠᠷ ᠰᠠᠶᠢᠲᠠᠶ | ᠬᠥᠭᠵᠢᠯᠲᠡ ᠳᠤ ᠦᠶᠯᠡᠴᠢᠯᠡᠬᠦ ᠶᠢ ᠲᠤᠯᠭᠠᠭᠤᠷᠢᠯᠠᠬᠤ ᠪᠠᠷ ᠵᠣᠷᠢᠯᠭ᠎ᠠ ᠪᠠᠨ ᠪᠣᠯᠭᠠᠵᠠᠶ ᠃ ᠪᠢᠳᠡ ᠤᠮᠠᠷᠠᠲᠤ ᠶᠢᠨ | ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠣᠳᠠᠲᠤ ᠴᠣᠭᠴᠠᠵᠢᠭᠰᠠᠨ | ᠠᠵᠢᠯᠯᠠᠭᠠᠨ ᠪᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠬᠥᠭᠵᠢᠯᠲᠡ ᠶᠢᠨ ᠳᠤᠮᠳᠠᠬᠢ ᠪᠣᠭᠤᠮᠲᠠ᠂ ᠲᠦᠭᠵᠢᠷᠡᠯ᠂ ᠳᠤᠲᠠᠭᠤᠳᠠᠯ ᠵᠡᠷᠭᠡ 《 ᠪᠣᠭᠤᠮᠢ 》 ᠶᠢᠨ ᠠᠰᠠᠭᠤᠳᠠᠯ | ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠠᠪᠠᠭᠤᠯᠢᠭ ᠴᠢᠳᠠᠪᠤᠷᠢᠲᠠᠨ ᠪᠠ ᠪᠦᠯᠬᠦᠮ ᠨᠡᠶᠢᠲᠡ ᠶᠢ | ᠴᠤᠭᠯᠠᠷᠠᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠠ ᠵᠠᠭᠪᠤᠷ ᠢ ᠬᠤᠷᠠᠮᠳᠤᠭᠤᠯᠵᠤ᠂ ᠨᠢᠭᠡ | ᠪᠦᠯᠦᠭ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠪᠣᠯᠬᠤ ᠦᠷ᠎ᠡ ᠪᠦᠲᠦᠭᠡᠯ ᠪᠠ ᠲᠥᠰᠦᠯ ᠢ ᠴᠤᠭᠯᠠᠷᠠᠭᠤᠯᠵᠤ᠂ | ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ᠂ ᠠᠵᠤ ᠦᠶᠯᠡᠰ ᠢ ᠨᠡᠪᠴᠢᠭᠦᠯᠬᠦ ᠲᠠᠪᠴᠠᠩ ᠤᠨ ᠬᠦᠶᠰᠦ ᠶᠢ ᠴᠣᠭᠴᠠᠯᠠᠵᠤ᠂ 《 ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ | ᠂ ᠰᠢᠨ᠎ᠡ ᠶᠢ ᠡᠭᠦᠳᠬᠦ ᠮᠠᠶ᠋ᠢᠭ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | 《 ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠨᠢᠭᠡ ᠵᠢᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠠᠯ᠎ᠠ ᠪᠠᠷ ᠣᠯᠤᠭᠰᠠᠨ ᠰᠢᠨ᠎ᠡ ᠠᠮᠵᠢᠯᠲᠠ᠂ ᠰᠢᠨ᠎ᠡ ᠠᠷᠭ᠎ᠠ | ᠬᠢᠳᠡᠯ ᠢ ᠳ᠋ᠦᠩᠨᠡᠭᠰᠡᠨ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ 2023 ᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠶᠢ | ᠡᠭᠦᠳᠬᠦ ᠲᠠᠪᠴᠠᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠬᠦ | ᠠᠮᠢ ᠠᠬᠤᠢ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠨᠠᠷᠢᠨ | ᠪᠠᠶᠢᠷᠢᠯᠠᠭᠤᠯᠤᠯᠲᠠ ᠬᠢᠵᠡᠢ ᠃ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠬᠥᠬᠡᠬᠤᠲᠠ | ᠶᠢᠨ ᠬᠤᠪᠢᠶᠠᠷᠢ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠾᠧ ᠭᠠᠩ ᠢᠯᠡᠷᠬᠡᠶᠢᠯᠡᠬᠦ | ᠳᠡᠭᠡᠨ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠪᠠ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ | ᠤᠨ ᠬᠥᠬᠡᠬᠤᠲᠠ ᠳᠠᠬᠢ ᠬᠤᠪᠢᠶᠠᠷᠢ ᠬᠦᠷᠢᠶᠡᠯᠡᠩ ᠤᠨ ᠲᠠᠷᠢᠶᠠᠯᠠᠩ ᠮᠠᠯ ᠠᠵᠤ ᠠᠬᠤᠶ ᠶᠢᠨ ᠲᠣᠨᠤᠭ ᠲᠥᠬᠦᠭᠡᠷᠦᠮᠵᠢ | ᠶᠢᠨ ᠬᠦᠷᠢᠶᠡᠨ ᠳᠠᠬᠢ ᠠᠵᠢᠯ ᠲᠥᠷᠥᠯ ᠤᠨ ᠪᠠᠶᠢᠷᠢ ᠰᠠᠭᠤᠷᠢ ᠶᠢ ᠭᠦᠶᠴᠡᠳ ᠠᠰᠢᠭᠯᠠᠨ᠂ ᠣᠶᠤᠨᠴᠢ ᠲᠠᠷᠢᠶᠠᠯᠠᠩ | ᠮᠠᠯ ᠠᠵᠤ ᠠᠬᠤᠶ ᠶᠢᠨ ᠲᠣᠨᠤᠭ ᠲᠥᠬᠦᠭᠡᠷᠦᠮᠵᠢ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ᠂ | ᠬᠡᠪᠡᠷᠡᠭ ᠠᠮᠢ ᠠᠬᠤᠶ ᠶᠢᠨ ᠣᠷᠣᠨ ᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ ᠭᠡᠵᠡᠶ︔ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠦᠷᠭᠦᠯᠵᠢᠯᠡᠨ ᠠᠬᠢᠭᠤᠯᠵᠤ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠪᠣᠬᠢᠷᠲᠤᠯ ᠥᠬᠡᠶ ᠠᠮᠢ ᠠᠬᠤᠶ ᠶᠢ ᠪᠥᠬᠦ ᠲᠠᠯ᠎ᠠ ᠪᠠᠷ | ᠪᠣᠰᠤᠭ᠎ᠠ ᠴᠣᠭᠴᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ ᠃ |