| | 2 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ | ᠤᠨ ᠤᠳᠤᠷᠢᠳᠬᠤ ᠳᠤᠭᠤᠶᠢᠯᠠᠩ 2023 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠣᠨ ᠤ | ᠠᠵᠢᠯ ᠤᠨ ᠭᠤᠤᠯᠳᠠᠯᠭ᠎ᠠ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ | ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ | ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | | ᠬᠤᠷᠠᠯ ᠠᠴᠠ᠂ ᠠᠵᠢᠯ ᠤᠨ ᠭᠤᠤᠯᠳᠠᠯᠭ᠎ᠠ ᠪᠣᠯ ᠪᠥᠬᠦ ᠵᠢᠯ ᠤᠨ ᠡᠭᠦᠷᠭᠡ ᠶᠢᠨ ᠲᠣᠮᠢᠯᠠᠯᠲᠠ ᠶᠢᠨ ᠬᠠᠭᠤᠳᠠᠰᠤ | ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ | ᠴᠢᠬᠤᠯᠠ ᠶᠠᠷᠢᠶ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠴᠢᠩᠭ᠎ᠠ ᠬᠠᠷᠭᠤᠭᠤᠯᠤᠨ ᠬᠠᠷᠭᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠵᠦᠶᠯ ᠪᠣᠯᠭᠠᠨ ᠢ | ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠨᠠᠷᠢᠨ ᠲᠠᠩᠰᠠ ᠶᠢᠨ ᠬᠡᠯᠪᠡᠷᠢ ᠪᠠᠷ | ᠲᠣᠬᠢᠷᠠᠭᠤᠯᠵᠤ᠂ ᠨᠠᠷᠢᠨ ᠲᠠᠩᠰᠠ ᠶᠢᠨ ᠬᠡᠯᠪᠡᠷᠢ ᠪᠠᠷ ᠭᠤᠤᠯᠳᠠᠯᠭ᠎ᠠ ᠲᠠᠢ ᠡᠭᠦᠷᠭᠡ ᠶᠢ ᠠᠬᠢᠭᠤᠯᠵᠤ᠂ ᠰᠠᠷ᠎ᠠ ᠰᠠᠷ᠎ᠠ | ᠠᠬᠢᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ ᠃ ᠴᠢᠬᠤᠯᠠ ᠶᠡᠭᠡ ᠬᠤᠷᠠᠯ ᠤᠨ | ᠠᠵᠢᠯᠯᠠᠭ᠎ᠠ ᠶᠢ ᠡᠷᠲᠡᠬᠡᠨ ᠲᠥᠯᠥᠪᠵᠢᠭᠦᠯᠵᠦ᠂ ᠡᠳᠦᠷ ᠲᠤᠲᠤᠮ ᠤᠨ ᠵᠥᠪᠯᠡᠬᠦ ᠵᠦᠶᠯ ᠳᠡᠭᠡᠨ ᠣᠷᠣᠭᠤᠯᠵᠤ᠂ | ᠲᠥᠰᠦᠯ ᠢᠶᠠᠨ ᠨᠠᠷᠢᠯᠢᠬᠵᠢᠭᠤᠯᠵᠤ᠂ ᠤᠳᠠᠭ᠎ᠠ ᠪᠦᠷᠢ ᠶᠢ ᠦᠨᠡᠨ ᠪᠣᠳᠠᠲᠠᠶ ᠡᠷᠭᠢᠯᠡᠵᠦ᠂ ᠡᠷᠬᠡᠪᠰᠢ ᠪᠣᠳᠠᠲᠤ ᠦᠷ᠎ᠡ | ᠪᠦᠲᠦᠮᠵᠢ ᠤᠯᠬᠤ ᠬᠡᠷᠡᠭᠲᠡᠶ ᠃ ᠵᠠᠰᠠᠭ ᠤᠨ ᠣᠷᠳᠣᠨ ᠤ ᠠᠯᠪᠠᠨ ᠲᠢᠩᠬᠢᠮ ᠮᠥᠷᠳᠡᠨ ᠪᠠᠶᠢᠴᠠᠭᠠᠵᠤ ᠰᠢᠶᠳᠪᠦᠷᠢᠯᠡᠬᠦ | ᠬᠡᠷᠡᠭᠲᠡᠶ᠂ ᠶᠠᠮᠠᠷ ᠶᠠᠮᠠᠷ ᠠᠵᠢᠯ ᠢ ᠤᠷᠤᠭᠰᠢᠲᠠᠶ ᠥᠷᠨᠢᠭᠦᠯᠦᠭᠰᠡᠨ᠂ ᠦᠷ᠎ᠡ ᠪᠦᠲᠦᠮᠵᠢ ᠰᠠᠶᠢᠲᠠᠶ ᠪᠣᠯ ᠴᠠᠭ ᠲᠤᠬᠠᠶ | ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠂ ᠶᠠᠮᠠᠷ ᠶᠠᠮᠠᠷ ᠠᠵᠢᠯ ᠨᠢ ᠤᠳᠠᠭᠠᠨ ᠪᠣᠯᠤᠭᠰᠠᠨ᠂ ᠬᠦᠴᠢᠷ ᠪᠣᠯᠪᠠᠯ | ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠶ ᠪᠥᠬᠦᠶ ᠵᠦᠶᠯᠡᠰ ᠢ ᠨᠢᠭᠡ ᠶᠢ ᠴᠦ ᠣᠷᠬᠢᠭᠳᠠᠭᠤᠯᠬᠤ ᠥᠬᠡᠶ᠂ | ᠴᠠᠭ ᠲᠤᠬᠠᠶ ᠳᠤᠨᠢ ᠴᠢᠨᠠᠷ ᠢ ᠪᠠᠲᠤᠯᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠃ |