| | 2 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ | ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠳᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ ᠳᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠳᠤᠮᠳᠠᠳᠤ ᠤᠯᠤᠰ ᠤᠨ ᠠᠷᠠᠳᠴᠢᠯᠠᠯ ᠢᠶᠠᠷ | ᠠᠬᠢᠭᠤᠯᠬᠤ ᠬᠤᠷᠠᠯ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ 《 93 》 | ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠭᠤᠯᠭ᠎ᠠ ᠳᠤ | ᠬᠦᠷᠴᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠬᠦᠨ ᠢ ᠡᠷᠬᠢᠨ ᠦᠵᠡᠵᠦ᠂ ᠨᠠᠮ ᠪᠦᠯᠦᠭ ᠤᠨ ᠲᠡᠦᠬᠡ ᠶᠢᠨ ᠤᠯᠠᠷᠢᠯ ᠬᠤᠪᠢᠰᠤᠯ᠂ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠭᠰᠡᠨ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠠᠵᠢᠯ ᠤᠨ ᠪᠠᠶᠢᠳᠠᠯ ᠪᠣᠯᠤᠨ ᠰᠠᠨᠠᠯ ᠰᠠᠨᠠᠭᠤᠯᠭ᠎ᠠ ᠶᠢ | ᠰᠣᠨᠣᠰᠪᠠ ᠃ | ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠠᠩ ᠶᠠᠨ ᠺᠦᠨ ᠡᠯ᠎ᠡ ᠠᠷᠠᠳᠴᠢᠯᠠᠭᠰᠠᠨ | ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠥᠪᠥᠷ | ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ | ᠨᠤᠲᠠᠯᠠᠪᠠ ᠃ ᠲᠡᠷᠡ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ | ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ | ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠡᠷᠦᠩᠬᠡᠶ ᠱᠦᠵᠢ ᠰᠢ ᠶᠢᠨ | ᠫᠢᠩ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠤᠨ ᠬᠠᠮᠲᠤᠷᠠᠨ | ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠲᠦᠷᠢᠮ ᠢ ᠴᠢᠩᠭᠠᠳᠬᠠᠨ ᠲᠡᠭᠦᠯᠳᠡᠷᠵᠢᠭᠦᠯᠬᠦ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ | ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠳᠠᠮᠵᠢᠭᠤᠯᠤᠨ ᠲᠥᠷᠥ ᠶᠢᠨ ᠶᠠᠪᠤᠳᠠᠯ ᠳᠤ ᠣᠷᠣᠯᠴᠠᠨ | ᠲᠥᠷᠥ ᠶᠢᠨ ᠶᠠᠪᠤᠳᠠᠯ ᠢ ᠵᠥᠪᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠶᠯᠡᠴᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠬᠦ | ᠪᠠᠷ ᠴᠢᠷᠮᠠᠶᠢᠬᠤ ᠬᠡᠷᠡᠭᠲᠡᠶ ᠭᠡᠵᠦ ᠬᠡᠯᠡᠪᠡ ᠃ | ᠬᠦᠦᠳᠠᠭᠤᠯᠠ᠂ ᠪᠠᠶ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠭᠤᠷᠢᠨ ᠦᠵᠡᠬᠦ | ᠶᠠᠷᠢᠯᠴᠠᠬᠤ ᠬᠤᠷᠠᠯ ᠳᠤ ᠣᠷᠣᠯᠴᠠᠪᠠ ᠃ |