ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠬᠦᠷᠴᠦ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠠᠶᠢᠴᠠᠭᠠᠨ ᠰᠤᠳᠤᠯᠤᠯᠲᠠ ᠵᠢᠴᠢ ᠬᠠᠪᠰᠤᠷᠤᠨ ᠵᠢᠯᠣᠭᠤᠳᠣᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/14
      2 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠣᠴᠢᠭᠤᠯᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠠᠶᠢᠴᠠᠭᠠᠨ ᠰᠤᠳᠤᠯᠤᠯᠲᠠ ᠵᠢᠴᠢ ᠬᠠᠪᠰᠤᠷᠤᠨ ᠵᠢᠯᠣᠭᠤᠳᠬᠤ ᠠᠵᠢᠯᠯᠠᠭ᠎ᠠ ᠥᠷᠨᠢᠭᠦᠯᠪᠡ  ᠃ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠢ ᠭᠤᠷᠪᠠᠨ ᠳᠤᠭᠤᠶᠢᠯᠠᠩ ᠬᠤᠪᠢᠶᠠᠵᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ᠂ ᠪᠡᠭᠡᠵᠢᠩ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠶᠢᠯᠢ ᠲᠠᠲᠠᠪᠤᠷᠢ ᠶᠢ ᠨᠡᠪᠲᠡᠷᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠲᠦᠮᠡᠳ ᠵᠡᠭᠦᠨ ᠬᠤᠰᠢᠭᠤ᠂ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ ᠵᠡᠷᠭᠡ 6 ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠡᠳ᠋ ᠤᠨ ᠶᠠᠪᠤᠳᠠᠯ᠂ ᠮᠡᠷᠭᠡᠵᠢᠯ᠂ ᠰᠤᠳᠤᠯᠤᠨ ᠨᠡᠭᠡᠭᠡᠬᠦ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠳ ᠲᠠᠢ ᠨᠢᠭᠤᠷᠳᠠᠨ ᠰᠣᠯᠢᠯᠴᠠᠵᠤ᠂ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠪᠠᠶᠢᠴᠠᠭᠠᠨ ᠰᠤᠳᠤᠯᠤᠯᠲᠠ ᠵᠢᠴᠢ ᠲᠤᠬᠠᠶ ᠶᠢᠨ ᠲᠠᠯᠠᠪᠠᠶ ᠶᠢᠨ ᠬᠠᠪᠰᠤᠷᠤᠨ ᠵᠢᠯᠣᠭᠤᠳᠣᠯᠭ᠎ᠠ ᠥᠷᠨᠢᠭᠦᠯᠵᠦ᠂ ᠬᠠᠮᠢᠶ᠎ᠠ ᠪᠥᠬᠦᠶ ᠡᠳ᠋ ᠤᠨ ᠶᠠᠪᠤᠳᠠᠯ᠂ ᠲᠥᠷᠥᠯ ᠵᠦᠶᠯ  ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ  ᠪᠠᠷ ᠬᠠᠷᠢᠭᠤᠯᠵᠤ᠂ ᠬᠠᠶᠢᠷ᠎ᠠ ᠬᠠᠯᠠᠮᠵᠢ ᠪᠠ ᠲᠤᠰᠬᠠᠶ ᠦᠶᠯᠡᠴᠢᠯᠡᠭᠡ ᠶᠢ ᠠᠵᠤ ᠠᠬᠤᠶᠢᠯᠠᠯ ᠤᠨ ᠳᠡᠷᠭᠡᠳᠡ ᠬᠦᠷᠭᠡᠪᠡ  ᠃       ᠲᠣᠰ ᠤᠳᠠᠭ᠎ᠠ ᠠᠵᠤ ᠠᠬᠤᠶᠢᠯᠠᠯ ᠳᠤ ᠣᠷᠣᠵᠤ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠪᠠᠶᠢᠴᠠᠭᠠᠨ ᠰᠤᠳᠤᠯᠤᠯᠲᠠ ᠵᠢᠴᠢ ᠬᠠᠪᠰᠤᠷᠤᠨ ᠵᠢᠯᠣᠭᠤᠳᠬᠤ ᠠᠵᠢᠯᠯᠠᠭ᠎ᠠ ᠨᠢ 2 ᠰᠠᠷ᠎ᠠ ᠶᠢᠨ 10 ᠤ ᠡᠳᠦᠷ ᠪᠣᠯᠲᠠᠯ᠎ᠠ ᠶᠠᠪᠤᠭᠳᠠᠵᠤ᠂ ᠶᠢᠨ ᠢᠦ᠋ᠶ ᠪᠦ᠋ᠦ ᠯᠢᠩ ᠠᠮᠢᠳᠤ ᠪᠣᠳᠠᠰ ᠤᠨ ᠡᠮ ᠤᠨ ᠵᠦᠶᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠤ ᠰᠦ ᠶᠢᠨ ᠦᠶᠯᠡᠰ ( ᠪᠦᠯᠦᠭᠯᠡᠯ ) ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠧᠨᠤ᠋ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 14 ᠠᠵᠤ ᠠᠬᠤᠶᠢᠯᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠬᠤ ᠪᠠᠷ ᠲᠥᠯᠥᠪᠯᠡᠵᠦ᠂ ᠠᠮᠢᠳᠤ ᠪᠣᠳᠠᠰ ᠤᠨ ᠡᠮ ᠡᠮᠨᠡᠯᠭᠡ᠂ ᠰᠦ ᠶᠢᠨ ᠦᠶᠯᠡᠰ᠂ ᠰᠢᠨ᠎ᠡ ᠮᠠᠲ᠋ᠧᠷᠢᠶᠠᠯ ᠵᠡᠷᠭᠡ ᠡᠯ᠎ᠡ ᠬᠦᠷᠢᠶ᠎ᠡ ᠶᠢ ᠬᠠᠮᠤᠷᠴᠠᠶ  ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠵᠠᠷᠤᠳᠠᠯ ᠢ ᠴᠤᠭᠯᠠᠭᠤᠯᠤᠭᠰᠠᠨ ᠨᠢ ᠨᠠᠷᠢᠯᠢᠭ ᠣᠨᠣᠪᠴᠢᠲᠠᠶ ᠪᠢᠰᠢ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠨᠢ ᠪᠣᠳᠠᠲᠠᠶ ᠪᠢᠰᠢ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠨᠢ ᠣᠨᠣᠪᠴᠢᠲᠠᠶ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠶ᠂ ᠲᠤᠰᠬᠠᠶᠢᠵᠢᠭᠰᠠᠨ ᠲᠤᠬᠠᠶ ᠶᠢᠨ ᠲᠠᠯᠠᠪᠠᠶ ᠶᠢᠨ ᠲᠠᠶᠢᠯᠤᠮᠵᠢ ᠪᠠ ᠬᠠᠪᠰᠤᠷᠤᠨ ᠵᠢᠯᠣᠭᠤᠳᠣᠯᠭ᠎ᠠ ᠬᠠᠩᠭᠠᠨ᠎ᠠ  ᠃ ᠪᠠᠶᠢᠴᠠᠭᠠᠨ ᠰᠤᠳᠤᠯᠤᠯᠲᠠ ᠵᠢᠴᠢ ᠬᠠᠪᠰᠤᠷᠤᠨ ᠵᠢᠯᠣᠭᠤᠳᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ ᠠᠰᠠᠭᠤᠳᠠᠯ ᠳᠤ ᠴᠢᠭᠯᠡᠭᠦᠯᠦᠨ᠂ ᠦᠷᠭᠦᠯᠵᠢᠯᠡᠨ ᠮᠥᠷᠳᠡᠨ ᠬᠠᠪᠰᠤᠷᠤᠨ ᠵᠢᠯᠣᠭᠤᠳᠴᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠲᠣᠭᠲᠠᠭᠠᠯ ᠳᠤ ᠨᠡᠶᠢᠴᠡᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠶᠯ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ ᠳᠠᠶᠢᠴᠢᠯᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ  ᠃
 
ᠢᠷᠡᠯᠲᠡ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号