ᠮᠠᠨ ᠤ ᠣᠷᠣᠨ ᠤ ᠠᠩᠬᠠᠳᠠᠭᠴᠢ ᠠᠮᠢᠲᠠᠨ ᠤ ᠸᠠᠺᠼᠢᠨ ᠤ ᠬᠦᠷᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/2/15
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ  ᠤᠨ ᠰᠢᠨ᠎ᠡ ᠶᠢ ᠡᠭᠦᠳᠬᠦ ᠲᠥᠪ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠵᠥᠪᠰᠢᠶᠡᠷᠡᠯ ᠢᠶᠠᠷ ᠪᠠᠶᠢᠭᠤᠯᠤᠭᠳᠠᠪᠠ᠂ ᠡᠨᠡ ᠪᠣᠯ ᠮᠠᠨ ᠤ ᠣᠷᠣᠨ ᠤ ᠵᠥᠪᠰᠢᠶᠡᠷᠡᠯ ᠣᠯᠤᠭᠰᠠᠨ ᠭᠤᠷᠪᠠᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠬᠤ ᠪᠥᠭᠡᠳ ᠮᠠᠨ ᠤ ᠣᠷᠣᠨ ᠤ ᠠᠩᠬᠠᠳᠠᠭᠴᠢ ᠠᠮᠢᠲᠠᠨ ᠤ ᠸᠠᠺᠼᠢᠨ ᠤ ᠬᠦᠷᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ᠎ᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠠᠵᠤ ᠦᠶᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠶᠯᠡᠰ ᠤᠨ ᠪᠦᠯᠦᠭᠵᠢᠯ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ  ᠃       ᠲᠣᠰ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 3 ᠵᠢᠯ ᠤᠨ ᠬᠤᠭᠤᠴᠠᠭᠠᠨ  ᠳᠤ ᠪᠥᠲᠥᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠂ ᠥᠪᠥᠷ ᠮᠣᠩᠭᠤᠯ ᠤᠨ ᠶᠢᠨ ᠢᠦ᠋ᠶ ᠪᠦ᠋ᠦ ᠯᠢᠩ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠦᠷᠦᠭᠦᠯᠡᠨ᠂ ᠬᠠᠮᠢᠶ᠎ᠠ ᠪᠥᠬᠦᠶ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠷᠠᠨ ᠬᠠᠮᠲᠤ ᠪᠠᠷ ᠪᠥᠲᠥᠭᠡᠨ ᠪᠠᠶᠢᠭᠤᠯᠵᠤ᠂ ᠠᠮᠢᠲᠠᠨ ᠤ ᠸᠠᠺᠼᠢᠨ ᠤ ᠠᠵᠤ ᠦᠶᠯᠡᠰ ᠲᠤ ᠰᠠᠭᠤᠷᠢᠯᠠᠭᠰᠠᠨ᠂ ᠠᠵᠢᠯ ᠲᠥᠷᠥᠯ ᠤᠨ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ ᠂ ᠮᠠᠨ ᠤ ᠣᠷᠣᠨ ᠤ ᠲᠡᠵᠢᠭᠡᠨ ᠦᠷᠡᠵᠢᠭᠦᠯᠬᠦ ᠦᠶᠯᠡᠰ ᠤᠨ ᠡᠪᠡᠷᠰᠢᠶᠡᠯ ᠴᠡᠭ ᠢ ᠬᠡᠷᠡᠭᠯᠡᠬᠦ ᠳᠤ ᠴᠢᠭᠯᠡᠭᠦᠯᠦᠨ ᠳᠡᠭᠡᠳᠦ ᠰᠢᠨ᠎ᠡ ᠮᠡᠷᠭᠡᠵᠢᠯ ᠤᠨ ᠦᠶᠯᠡᠳᠬᠦᠨ ᠤ ᠰᠢᠨ᠎ᠡ ᠶᠢ ᠡᠭᠦᠳᠴᠦ ᠰᠤᠳᠤᠯᠤᠨ ᠨᠡᠭᠡᠭᠡᠵᠦ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠰᠢᠶᠳᠪᠦᠷᠢᠯᠡᠬᠦ ᠲᠥᠰᠦᠯ ᠢ ᠲᠣᠭᠲᠠᠭᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ  ᠃      ᠢᠷᠡᠭᠡᠳᠦᠶ ᠳᠤ᠂ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠠᠮᠢᠲᠠᠨ ᠤ ᠸᠠᠺᠼᠢᠨ ᠤ ᠠᠵᠢᠯ ᠲᠥᠷᠥᠯ ᠤᠨ 《 ᠪᠣᠭᠤᠮᠢ 》 ᠶᠢᠨ ᠮᠡᠷᠭᠡᠵᠢᠯ ᠢ ᠰᠢᠪᠲᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠠ ᠰᠤᠳᠤᠯᠤᠨ ᠨᠡᠭᠡᠭᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠷᠢ ᠬᠡᠷᠡᠭᠯᠡᠭᠡᠨ ᠤ ᠰᠤᠳᠤᠯᠭᠠᠨ᠂ ᠪᠠᠷᠢᠮᠵᠢᠶ᠎ᠠ ᠲᠣᠭᠲᠠᠭᠠᠬᠤ᠂ ᠭᠠᠷ ᠤᠷᠠᠯᠠᠯ ᠤᠨ ᠰᠤᠳᠤᠯᠭᠠᠨ ᠵᠡᠷᠭᠡ ᠶᠢ ᠥᠷᠨᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠪᠡᠶᠡᠯᠡᠭᠦᠯᠬᠦ ᠶᠢᠨ ᠬᠠᠮᠲᠤ ᠠᠵᠢᠯ ᠲᠥᠷᠥᠯ ᠳᠤ ᠮᠡᠷᠭᠡᠵᠢᠯ ᠤᠨ ᠲᠤᠯᠭᠠᠭᠤᠷᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠦᠶᠯᠡᠴᠢᠯᠡᠭᠡ ᠬᠠᠩᠭᠠᠵᠤ᠂ ᠨᠢᠭᠡ ᠪᠦᠯᠦᠭ ᠭᠤᠤᠯᠯᠠᠬᠤ ᠰᠢᠨ᠎ᠡ ᠶᠢ ᠡᠭᠦᠳᠬᠦ ᠴᠢᠳᠠᠪᠤᠷᠢ ᠲᠠᠢ ᠠᠵᠤ ᠠᠬᠤᠶᠢᠯᠠᠯ  ᠢ ᠪᠣᠶᠢᠵᠢᠭᠤᠯᠤᠨ ᠪᠤᠵᠠᠭᠠᠶᠢᠷᠠᠭᠤᠯᠤᠨ᠎ᠠ  ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠣᠷᠣᠨ ᠪᠦᠰᠡ  ᠶᠢᠨ ᠰᠢᠨ᠎ᠡ ᠶᠢ ᠡᠭᠦᠳᠬᠦ ᠥᠨᠳᠦᠷᠯᠢᠭ ᠢ ᠴᠢᠨᠠᠷ ᠰᠠᠶᠢᠲᠠᠶ ᠴᠣᠭᠴᠠᠯᠠᠨ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ  ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ  ᠤᠨ ᠰᠢᠨ᠎ᠡ ᠶᠢ ᠡᠭᠦᠳᠬᠦ ᠲᠥᠪ ᠤᠨ ᠪᠠᠶᠢᠷᠢᠰᠢᠭᠤᠯᠤᠯᠲᠠ ᠶᠢ ᠲᠦᠷᠭᠡᠳᠬᠡᠨ᠂ ᠨᠢᠭᠡᠨᠲᠡ ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠪᠠᠷ ᠵᠥᠪᠰᠢᠶᠡᠷᠡᠭᠳᠡᠵᠦ᠂ ᠥᠪᠥᠷ ᠮᠣᠩᠭᠤᠯ  ᠤᠨ ᠡᠪᠡᠰᠦᠨ ᠦᠷ᠎ᠡ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠥᠪᠥᠷ ᠮᠣᠩᠭᠤᠯ ᠤᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ 《 ᠤᠯᠤᠰ ᠤᠨ ᠨᠠᠷᠠᠲᠤ 》 ᠳᠠᠰᠢ ᠳᠠᠪᠰᠢᠬᠤ ᠶᠢ ᠢᠳᠡᠪᠬᠢᠲᠡᠶ ᠠᠬᠢᠭᠤᠯᠵᠤ ᠪᠠᠶᠢᠨ᠎ᠠ  ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠥᠪᠥᠷ ᠮᠣᠩᠭᠤᠯ  ᠤᠨ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠵᠢᠭᠦᠯᠭᠡ᠂ ᠲᠥᠷᠥᠯ ᠵᠦᠶᠯ ᠤᠨ ᠲᠣᠬᠢᠷᠠᠭᠤᠯᠤᠯᠲᠠ᠂ ᠲᠠᠪᠴᠠᠩ ᠤᠨ ᠪᠥᠲᠥᠭᠡᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠤᠷᠰᠢᠯᠲᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠵᠢᠯᠣᠭᠤᠳᠣᠯᠭ᠎ᠠ ᠪᠠ ᠦᠶᠯᠡᠴᠢᠯᠡᠭᠡ ᠶᠢ ᠴᠢᠩᠭᠠᠳᠬᠠᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号