| | | | ᠡᠯ᠎ᠡ ᠠᠶᠢᠮᠠᠭ ( ᠬᠤᠲᠠ ) ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ | ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠯᠪᠣᠭᠳᠠᠯ ᠪᠦᠬᠦᠢ ᠨᠢᠭᠡᠴᠡ᠄ | 《 〈 ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ 〉 ᠢ | ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ ᠪᠥᠬᠦ ᠲᠠᠯ᠎ᠠ ᠶᠢᠨ ᠪᠡᠶ᠎ᠡ ᠮᠠᠬᠠᠪᠣᠳ ᠤᠨ ᠦᠷ᠎ᠡ ᠠᠰᠢᠭ ᠢ | ᠨᠡᠮᠡᠭᠳᠡᠭᠦᠯᠬᠦ ᠳᠤ ᠦᠶᠯᠡᠴᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | 》 ( ᠥᠪᠥᠷ ᠨᠠᠮ ᠠᠯᠪᠠᠨ ᠲᠠᠷᠬᠠᠭᠠᠭᠰᠠᠨ ᠴᠠᠬᠢᠯᠭᠠᠨ 202225 ᠳ᠋ᠤᠭᠠᠷ ᠲᠣᠭᠠᠲᠤ ) ᠵᠡᠷᠭᠡ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ 《 ᠬᠤᠶᠠᠷ | ᠰᠢᠯᠢᠳᠡᠭ 》 ᠲᠤᠰᠬᠠᠶ ᠠᠵᠢᠯᠯᠠᠭ᠎ᠠ ᠶᠢ ᠢᠯᠭᠠᠷᠠᠭᠤᠯᠬᠤ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠪᠠ | ᠬᠡᠷᠡᠭᠵᠢᠭᠦᠯᠬᠦ ᠪᠠᠷᠢᠮᠵᠢᠶ᠎ᠠ ᠶᠢᠨ ᠪᠠᠶᠢᠳᠠᠯ ᠢ ᠳᠣᠤᠷᠠᠬᠢ ᠮᠡᠲᠦ ᠨᠡᠶᠢᠲᠡᠯᠡᠪᠡ ᠃ | ᠨᠢᠭᠡ᠂ ᠭᠠᠳᠠᠭᠠᠳᠤ ᠶᠠᠪᠤᠳᠠᠯ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠶᠢᠨ | ᠪᠠᠶᠢᠳᠠᠯ ᠢ ᠳᠣᠷᠣᠭᠰᠢ ᠪᠠᠭᠤᠯᠭᠠᠨ᠎ᠠ ᠃《 ᠬᠥᠬᠡᠬᠤᠲᠠ ᠳᠤ ᠰᠠᠭᠤᠭ᠎ᠠ ᠰᠢᠭᠤᠳ ᠬᠠᠷᠢᠶ᠎ᠠ ᠨᠢᠭᠡᠴᠢ ᠭᠠᠳᠠᠭᠠᠳᠤ ᠶᠢᠨ | ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ 》 ᠤᠨ ᠡᠷᠬᠡ ᠲᠤᠰᠢᠶᠠᠯ ᠢ ᠬᠥᠬᠡᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠰᠢᠭᠤᠳ ᠪᠠᠭᠤᠯᠭᠠᠨ ᠳᠠᠭᠠᠭᠠᠯᠭᠠᠵᠤ᠂ ᠠᠵᠢᠯ ᠶᠠᠪᠤᠳᠠᠯ | ᠭᠦᠶᠴᠡᠳᠬᠡᠬᠦ ᠵᠦᠭᠯᠡᠭᠦᠷ ᠢ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠵᠤ ᠭᠠᠷᠬᠤ | ᠬᠠᠮᠢᠶᠠᠷᠤᠯᠲᠠ ᠶᠢᠨ ᠬᠠᠤᠯᠢ 》 ( 2012 ᠣᠨ ᠤ 6 ᠳ᠋ᠤᠭᠠᠷ ᠰᠠᠷ᠎ᠠ ᠶᠢᠨ 30 ᠤ ᠡᠳᠦᠷ ᠤᠨ ᠲᠡᠷᠢᠭᠦᠯᠡᠭᠴᠢ ᠶᠢᠨ | ᠵᠠᠷᠯᠢᠭ 57 ᠳ᠋ᠤᠭᠠᠷ ᠲᠣᠭᠠᠲᠤ )᠂ 《 ᠲᠥᠷᠥ ᠶᠢᠨ ᠶᠠᠪᠤᠳᠠᠯ ᠤᠨ ᠬᠤᠷᠢᠶ᠎ᠠ ᠠᠴᠠ ᠦᠯᠡᠳᠡᠭᠡᠬᠦ ᠴᠢᠬᠤᠯᠠᠲᠠᠶ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠶᠯ ᠳᠤ ᠵᠠᠰᠠᠭ ᠵᠠᠬᠢᠷᠭᠠᠨ ᠤ ᠵᠥᠪᠰᠢᠶᠡᠷᠡᠯ ᠲᠣᠭᠲᠠᠭᠠᠬᠤ ᠲᠤᠬᠠᠶ | ᠲᠣᠭᠲᠠᠭᠠᠯ 》 ( 2016 ᠣᠨ )᠂ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ | ᠵᠥᠪᠰᠢᠶᠡᠷᠡᠯ ᠤᠨ ᠦᠶᠯᠡᠴᠢᠯᠡᠭᠡᠨ ᠤ ᠵᠦᠭᠯᠡᠭᠦᠷ ( ᠲᠦᠷ ᠬᠡᠷᠡᠭᠵᠢᠭᠦᠯᠬᠦ ) ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ | ᠦᠶᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ ᠲᠤᠰᠬᠠᠶ ᠰᠦᠯᠵᠢᠶ᠎ᠡ ᠪᠠᠷ ᠲᠤᠰᠬᠠᠶ ᠭᠦᠶᠴᠡᠳᠬᠡᠨ᠎ᠡ ᠃ | ᠬᠤᠶᠠᠷ᠂ ᠭᠠᠳᠠᠭᠠᠳᠤ ᠶᠠᠪᠤᠳᠠᠯ ᠤᠨ 《 ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ | ᠬᠢᠵᠠᠭᠠᠷ ᠢ ᠪᠠᠭᠠᠰᠬᠠᠬᠤ 》 ᠠᠵᠢᠯ ᠶᠠᠪᠤᠳᠠᠯ ᠭᠦᠶᠴᠡᠳᠬᠡᠬᠦ ᠵᠦᠭᠯᠡᠭᠦᠷ 《 br / 》 ᠃ᠥᠪᠡᠷᠲᠡᠭᠡᠨ ᠵᠠᠰᠠᠬᠤ ᠣᠷᠣᠨ | ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠵᠦᠶᠯᠡᠰ ᠲᠤ ᠭᠤᠭᠴᠣᠭᠠᠨ ᠤ ᠠᠩᠬᠠᠨ ᠤ ᠦᠨᠡᠯᠡᠯᠲᠡ ᠶᠢᠨ ᠤᠳᠠᠭ᠎ᠠ | ᠶᠢ ᠴᠣᠮᠬᠠᠳᠬᠠᠵᠤ᠂ ᠤᠤᠯ ᠤᠨ ᠬᠤᠶᠠᠷ ᠡᠭᠡᠯᠵᠢ ᠠᠴᠠ ᠨᠢᠭᠡ ᠡᠭᠡᠯᠵᠢ ᠪᠣᠯᠭᠠᠨ ᠬᠤᠪᠢᠷᠠᠭᠤᠯᠵᠤ᠂ ᠨᠡᠷ᠎ᠡ ᠳᠤᠷᠠᠳᠬᠤ | ᠱᠠᠲᠤᠨ ᠳᠤ ᠴᠠᠭᠠᠰᠤᠨ ᠮᠠᠲ᠋ᠧᠷᠢᠶᠠᠯ ᠬᠠᠩᠭᠠᠬᠤ ᠴᠢᠬᠤᠯᠠ ᠥᠬᠡᠶ᠂ ᠭᠦᠶᠴᠡᠳᠬᠡᠬᠦ ᠵᠦᠶᠯᠡᠰ ᠢ ᠪᠥᠬᠦ ᠶᠠᠪᠤᠴᠠ ᠳᠤ ᠮᠡᠳᠡᠭᠡ | ᠵᠠᠩᠭᠢᠵᠢᠭᠤᠯᠤᠨ ᠭᠦᠶᠴᠡᠳᠬᠡᠬᠦ ᠶᠢ ᠪᠡᠶᠡᠯᠡᠭᠦᠯᠪᠡ︔ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ | ᠲᠡᠮᠳᠡᠭᠯᠡᠬᠦ ᠵᠦᠶᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠶᠴᠡᠳᠬᠡᠬᠦ ᠶᠢ ᠪᠡᠶᠡᠯᠡᠭᠦᠯᠵᠦ᠂ ᠭᠦᠶᠴᠡᠳᠬᠡᠬᠦ ᠴᠠᠭ ᠤᠨ | ᠬᠢᠵᠠᠭᠠᠷ ᠢ ᠤᠤᠯ ᠤᠨ 30 ᠠᠵᠢᠯᠯᠠᠬᠤ ᠡᠳᠦᠷ ᠪᠠᠶᠢᠭᠰᠠᠨ ᠠᠴᠠ ᠨᠢ ᠬᠠᠰᠤᠭᠠᠳ 20 ᠠᠵᠢᠯᠯᠠᠬᠤ ᠡᠳᠦᠷ ᠪᠣᠯᠭᠠᠪᠠ︔ | ᠲᠤᠷᠰᠢᠯᠲᠠ ᠶᠢᠨ ᠠᠮᠢᠲᠠᠨ ᠤ ᠵᠠᠰᠠᠭ ᠵᠠᠬᠢᠷᠭᠠᠨ ᠤ ᠵᠥᠪᠰᠢᠶᠡᠷᠡᠯ ᠳᠤ ᠮᠠᠲ᠋ᠧᠷᠢᠶᠠᠯ ᠢ ᠬᠠᠰᠤᠬᠤ ᠲᠠᠯ᠎ᠠ ᠪᠠᠷ ᠤᠤᠯ ᠤᠨ | ᠭᠤᠶᠤᠴᠢᠯᠠᠨ ᠮᠡᠳᠡᠭᠦᠯᠬᠦ ᠳᠤ ᠬᠡᠷᠡᠭᠰᠡᠬᠦ 10 ᠵᠦᠶᠯ ᠤᠨ ᠮᠠᠲ᠋ᠧᠷᠢᠶᠠᠯ ᠢ ᠬᠠᠰᠤᠭᠠᠳ 6 ᠵᠦᠶᠯ ᠪᠣᠯᠭᠠᠵᠤ᠂ ᠴᠠᠭ ᠤᠨ | ᠬᠢᠵᠠᠭᠠᠷ ᠢ ᠬᠠᠰᠤᠬᠤ ᠲᠠᠯ᠎ᠠ ᠪᠠᠷ ᠤᠤᠯ ᠤᠨ 20 ᠠᠵᠢᠯᠯᠠᠬᠤ ᠡᠳᠦᠷ ᠢ ᠬᠠᠰᠤᠭᠠᠳ 14 ᠠᠵᠢᠯᠯᠠᠬᠤ ᠡᠳᠦᠷ ᠪᠣᠯᠭᠠᠪᠠ ᠃ | ᠳᠡᠭᠡᠷᠡᠬᠢ ᠭᠦᠶᠴᠡᠳᠬᠡᠬᠦ ᠵᠦᠶᠯᠡᠰ ᠨᠢ ᠴᠥᠮ ᠬᠠᠮᠢᠶ᠎ᠠ ᠪᠥᠬᠦᠶ ᠴᠤᠪᠤᠷᠠᠯ ᠳᠤ ᠵᠠᠰᠠᠪᠤᠷᠢ ᠣᠷᠣᠭᠤᠯᠬᠤ ᠪᠠ ᠰᠢᠯᠢᠳᠡᠭᠵᠢᠭᠦᠯᠬᠦ | ᠠᠵᠢᠯ ᠢ ᠪᠡᠶᠡᠯᠡᠭᠦᠯᠦᠭᠰᠡᠨ ᠪᠠᠶᠢᠪᠠᠯ᠂ ᠴᠣᠮᠬᠠᠳᠬᠠᠭᠰᠠᠨ ᠤ ᠳᠠᠷᠠᠭᠠᠬᠢ ᠱᠠᠭᠠᠷᠳᠠᠯᠭ᠎ᠠ ᠶᠣᠰᠣᠭᠠᠷ ᠭᠦᠶᠴᠡᠳᠬᠡᠨ᠎ᠡ ᠃ | ᠭᠤᠷᠪᠠ᠂ ᠳᠣᠲᠣᠭᠠᠳᠤ ᠶᠢᠨ ᠡᠷᠬᠡ ᠶᠢᠨ ᠬᠡᠷᠡᠭ ᠶᠠᠪᠤᠳᠠᠯ ᠢ ᠳᠣᠷᠣᠭᠰᠢ ᠪᠠᠭᠤᠯᠭᠠᠵᠤ ᠬᠡᠷᠡᠭ ᠡᠷᠬᠢᠯᠡᠬᠦ ᠵᠦᠭᠯᠡᠭᠦᠷ | | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ ᠤᠨ ᠮᠠᠭᠠᠳᠯᠠᠨ | ᠲᠣᠭᠲᠠᠭᠠᠵᠤ ᠬᠠᠮᠢᠶᠠᠷᠬᠤ ᠡᠷᠬᠡ ᠮᠡᠳᠡᠯ ᠢ ᠳᠣᠷᠣᠭᠰᠢ ᠪᠠᠭᠤᠯᠭᠠᠵᠤ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ | ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠲᠠᠪᠴᠠᠩ ᠳᠤ ᠪᠦᠷᠢᠳᠬᠡᠨ | ᠳᠠᠩᠰᠠᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ ᠤᠨ | ᠮᠠᠭᠠᠳᠯᠠᠨ ᠲᠣᠭᠲᠠᠭᠠᠵᠤ ᠬᠠᠮᠢᠶᠠᠷᠬᠤ ᠵᠦᠶᠯᠡᠰ ᠤᠨ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ ᠶᠢ ᠪᠡᠶᠡᠯᠡᠭᠦᠯᠦᠨ᠎ᠡ ᠃ | | ᠳᠥᠷᠪᠡ᠂ ᠳᠣᠲᠣᠭᠠᠳᠤ ᠶᠢᠨ ᠵᠦᠶᠯᠡᠰ ᠤᠨ 《 ᠮᠠᠲ᠋ᠧᠷᠢᠶᠠᠯ ᠢ ᠬᠠᠰᠤᠬᠤ᠂ ᠭᠤᠭᠴᠤᠭ᠎ᠠ ᠶᠢ ᠬᠠᠰᠤᠬᠤ᠂ ᠴᠠᠭ | ᠤᠨ ᠬᠢᠵᠠᠭᠠᠷ ᠢ ᠪᠠᠭᠠᠰᠬᠠᠬᠤ 》 ᠲᠣᠳᠣᠷᠬᠠᠶ ᠬᠠᠭᠤᠳᠠᠰᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠵᠦ᠂ 1 + 1 ᠬᠠᠮᠵᠢᠯᠴᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤ ᠪᠠᠷ ᠡᠳ᠋ᠯᠡᠨ᠎ᠡ︔ ᠥᠪᠡᠷᠲᠡᠭᠡᠨ ᠵᠠᠰᠠᠬᠤ ᠣᠷᠣᠨ ᠤ ᠣᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠢ ᠮᠠᠭᠠᠳᠯᠠᠨ ᠲᠣᠭᠲᠠᠭᠠᠬᠤ ᠪᠠᠨ | ᠪᠦᠷᠢᠳᠬᠡᠨ ᠳᠠᠩᠰᠠᠯᠠᠭᠤᠯᠬᠤ ᠪᠣᠯᠭᠠᠨ ᠬᠤᠪᠢᠷᠠᠭᠤᠯᠵᠤ᠂ ᠮᠠᠭᠠᠳᠯᠠᠨ ᠲᠣᠭᠲᠠᠭᠠᠬᠤ ᠲᠦᠷᠢᠮ ᠢᠶᠠᠨ ᠪᠦᠷᠢᠳᠬᠡᠨ | ᠳᠠᠩᠰᠠᠯᠠᠭᠤᠯᠬᠤ ᠲᠦᠷᠢᠮ ᠪᠣᠯᠭᠠᠨ ᠬᠤᠪᠢᠷᠠᠭᠤᠯᠵᠤ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠠᠴᠠ ᠮᠠᠭᠠᠳᠯᠠᠨ ᠲᠣᠭᠲᠠᠭᠠᠬᠤ ᠮᠡᠳᠡᠭᠳᠡᠯ ᠤᠨ ᠭᠤᠭᠴᠤᠭ᠎ᠠ ᠶᠢ ᠪᠠᠭᠠᠰᠬᠠᠪᠠ︔ ᠲᠢᠩᠬᠢᠮ | ( ᠠᠶᠢᠮᠠᠭ ) ᠬᠤᠲᠠ ᠶᠢᠨ ᠬᠢᠨ ᠵᠥᠪᠳᠡᠯᠴᠡᠵᠦ᠂ ᠤᠤᠯ ᠤᠨ 7 ᠭᠤᠭᠴᠤᠭ᠎ᠠ ᠶᠢᠨ ᠲᠤᠭ᠎ᠠ ᠬᠡᠮᠵᠢᠶ᠎ᠡ ᠶᠢ 2 ᠭᠤᠭᠴᠤᠭ᠎ᠠ | ᠪᠣᠯᠭᠠᠨ ᠬᠠᠰᠤᠵᠤ᠂ ᠭᠦᠶᠴᠡᠳᠬᠡᠬᠦ ᠴᠠᠭ ᠤᠨ ᠬᠢᠵᠠᠭᠠᠷ ᠢ ᠤᠤᠯ ᠤᠨ 60 ᠠᠵᠢᠯᠯᠠᠬᠤ ᠡᠳᠦᠷ ᠪᠠᠶᠢᠭᠰᠠᠨ ᠠᠴᠠ ᠨᠢ 30 | ᠠᠵᠢᠯᠯᠠᠬᠤ ᠡᠳᠦᠷ ᠪᠣᠯᠭᠠᠨ ᠪᠣᠭᠤᠨᠢᠰᠬᠠᠪᠠ ᠃ | ᠬᠠᠷᠢᠯᠴᠠᠬᠤ ᠬᠥᠮᠦᠨ᠄ ᠵᠠᠩ ᠰᠢᠶᠤᠤ ᠶᠢᠩ᠂ ᠬᠠᠷᠢᠯᠴᠠᠬᠤ ᠤᠲᠠᠰᠤ᠄ 6328712 | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ 11 ᠤ ᠡᠳᠦᠷ |