| | 2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 《 ᠲᠠᠪᠤᠨ ᠶᠡᠭᠡ ᠡᠭᠦᠷᠭᠡ 》 ᠶᠢᠨ ᠬᠠᠤᠯᠢ ᠲᠣᠭᠲᠠᠭᠠᠬᠤ ᠶᠢ | ᠠᠬᠢᠭᠤᠯᠬᠤ ᠲᠤᠰᠬᠠᠶ ᠬᠤᠷᠠᠯ ᠬᠤᠷᠠᠯᠳᠤᠭᠤᠯᠪᠠ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ | ᠱᠣᠤ ᠴᠦᠨ ᠬᠤᠷᠠᠯ ᠢ ᠡᠷᠭᠢᠯᠡᠪᠡ ᠃ | ᠬᠤᠷᠠᠯ ᠠᠴᠠ᠂ 《 ᠲᠠᠪᠤᠨ ᠶᠡᠭᠡ ᠡᠭᠦᠷᠭᠡ 》 ᠶᠢᠨ ᠲᠣᠭᠤᠷᠢᠨ ᠳᠤ ᠲᠤᠰᠬᠠᠶ ᠬᠠᠤᠯᠢ ᠲᠣᠭᠲᠠᠭᠠᠯᠲᠠ ᠶᠢ | ᠥᠷᠨᠢᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ 《 ᠬᠤᠶᠠᠷ ᠢ ᠲᠣᠭᠲᠠᠭᠠᠬᠤ 》 ᠶᠢ | ᠡᠷᠡᠰ ᠬᠦᠷᠢᠶᠡᠯᠡᠬᠦ ᠶᠢ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠶᠠᠪᠤᠳᠠᠯ ᠮᠥᠨ ᠃ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ | ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ |