| | 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠠᠴᠠ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ | ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠠᠮᠵᠢᠯᠴᠠᠨ ᠡᠷᠭᠢᠯᠡᠭᠰᠡᠨ 《 〈 ᠥᠪᠥᠷ ᠮᠣᠩᠭᠤᠯ ᠤᠨ | ᠠᠷᠠᠯᠵᠢᠶᠠᠴᠢᠳ ᠤᠨ ᠲᠣᠷᠭᠠᠨ ᠵᠠᠮ ᠤᠨ ᠠᠶᠠᠯᠠᠯ 〉 ᠤᠨ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ | ᠰᠠᠦ᠋ᠳᠢ ᠠᠷᠠᠪ ᠤᠨ ᠭᠠᠳᠠᠭᠠᠳᠤ ᠳᠠᠬᠢ ᠠᠵᠤ ᠠᠬᠤᠶ ᠠᠷᠠᠯᠵᠢᠶᠠᠨ ᠤ ᠠᠵᠢᠯᠯᠠᠭ᠎ᠠ 》 ᠶᠢᠨ ᠡᠬᠢᠯᠡᠯᠲᠡ ᠶᠢᠨ | ᠶᠣᠰᠣᠯᠠᠯ ᠬᠥᠬᠡᠬᠤᠲᠠ ᠳᠤ ᠶᠠᠪᠤᠭᠳᠠᠪᠠ ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠵᠡᠢ ᠃ | ᠲᠤᠰ ᠤᠳᠠᠭ᠎ᠠ ᠶᠢᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ 《 ᠮᠧᠩ ᠱᠠᠩ ᠲᠣᠷᠭᠠᠨ ᠵᠠᠮ | ᠤᠨ ᠠᠶᠠᠯᠠᠯ 》 ᠤᠨ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠂ ᠠᠵᠢᠯᠯᠠᠭ᠎ᠠ ᠨᠢ ᠳ᠋ᠦᠪᠠᠢ ᠶᠢᠨ ᠲᠠᠯᠠᠢ ᠶᠢᠨ | ᠪᠤᠯᠤᠩ ᠤᠨ ᠢᠳᠡᠭᠡᠨ ᠤ ᠦᠵᠡᠰᠬᠦᠯᠡᠩ ᠳᠤ ᠣᠷᠣᠯᠴᠠᠬᠤ ᠪᠠᠷ ᠭᠤᠣᠯ ᠪᠣᠯᠭᠠᠵᠤ᠂ ᠡᠨᠡ ᠬᠤᠭᠤᠴᠠᠭᠠᠨ ᠳᠤ ᠪᠠᠰᠠ | ᠲᠠᠨᠢᠯᠴᠠᠭᠤᠯᠭ᠎ᠠ ᠵᠥᠪᠳᠡᠯᠴᠡᠭᠡ᠂ ᠰᠣᠯᠢᠯᠴᠠᠭ᠎ᠠ ᠠᠭᠤᠯᠵᠠᠯᠲᠠ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠ | ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠃ ᠪᠥᠬᠦ ᠣᠷᠣᠨ | ᠳᠤ 51 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠨᠡᠷ᠎ᠡ ᠮᠡᠳᠡᠭᠦᠯᠦᠨ ᠣᠷᠣᠯᠴᠠᠵᠤ᠂ ᠦᠶᠯᠡᠳᠬᠦᠨ ᠨᠢ | ᠭᠤᠤᠯᠳᠠᠭᠤ ᠨᠡᠷᠡᠨ ᠬᠤᠸᠠᠷ ᠤᠨ ᠦᠷ᠎ᠡ᠂ ᠲᠦᠭᠦᠬᠡᠶ ᠪᠣᠯᠤᠭᠰᠠᠨ ᠦᠬᠡᠷ ᠬᠤᠨᠢᠨ ᠮᠢᠬ᠎ᠠ᠂ ᠲᠥᠪᠡᠳ ᠬᠠᠰᠢ ᠶᠢᠨ | ᠡᠭᠡᠳᠡᠩ ᠵᠡᠷᠭᠡ 11 ᠲᠥᠷᠥᠯ ᠳᠤ ᠬᠤᠯᠪᠣᠭᠳᠠᠵᠤ᠂ ᠮᠠᠨ ᠤ ᠣᠷᠣᠨ ᠤ ᠢᠳᠡᠭᠡᠨ ᠤ ᠲᠥᠷᠥᠯ ᠤᠨ ᠭᠠᠳᠠᠭᠠᠳᠤ ᠳᠤ | ᠭᠠᠷᠭᠠᠬᠤ ᠲᠠᠸᠠᠷ ᠢ ᠦᠨᠳᠦᠰᠦᠨ ᠳᠡᠭᠡᠨ ᠬᠠᠮᠤᠷᠴᠠᠶ ᠃ ᠠᠵᠢᠯᠯᠠᠭ᠎ᠠ ᠶᠢᠨ ᠭᠤᠤᠯ ᠵᠣᠷᠢᠯᠭ᠎ᠠ ᠪᠣᠯ ᠳᠤᠮᠳᠠᠳᠤ | ᠳᠣᠷᠣᠨᠠᠲᠤ ᠶᠢᠨ ᠤᠯᠤᠰ ᠤᠨ ᠵᠠᠬ᠎ᠠ ᠳᠡᠯᠭᠡᠭᠦᠷ ᠢ ᠪᠠᠬᠢᠵᠢᠭᠦᠯᠦᠨ ᠥᠷᠭᠡᠳᠬᠡᠵᠦ᠂ ᠮᠠᠨ ᠤ ᠣᠷᠣᠨ ᠤ ᠭᠠᠳᠠᠭᠠᠳᠤ | ᠠᠷᠠᠯᠵᠢᠶᠠᠨ ᠤ ᠨᠠᠩ ᠣᠯᠠᠨ ᠳᠠᠪᠠᠭᠤᠯᠢᠭ ᠦᠶᠯᠡᠳᠬᠦᠨ ᠢ ᠲᠡᠯᠡᠶ ᠶᠢᠨ ᠪᠤᠯᠤᠩ ᠤᠨ ᠤᠯᠤᠰ ᠲᠤ ᠪᠣᠷᠣᠯᠠᠭᠤᠯᠬᠤ | ᠶᠢᠨ ᠬᠠᠮᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠳᠣᠷᠣᠨᠠᠲᠤ | ᠶᠢᠨ ᠤᠯᠤᠰ ᠤᠳ ᠤᠨ ᠬᠤᠳᠠᠯᠳᠤᠭᠠᠴᠢᠨ ᠢ ᠲᠠᠲᠠᠵᠤ ᠮᠠᠨ ᠤ ᠣᠷᠣᠨ ᠳᠤ ᠪᠠᠯᠠ ᠣᠷᠣᠭᠤᠯᠤᠨ ᠦᠶᠯᠡᠰ | ᠬᠥᠭᠵᠢᠭᠦᠯᠬᠦ ᠶᠠᠪᠤᠳᠠᠯ ᠪᠣᠯᠤᠨ᠎ᠠ ᠃ |