2022 ᠣᠨ ᠳᠤ ᠣᠷᠳᠣᠰ ᠬᠤᠲᠠ ᠶᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 80 ᠳ᠋ᠦᠩᠰᠢᠭᠤᠷ ᠰᠢᠬᠠᠮ ᠲᠥᠭᠦᠷᠢᠭ ᠬᠦᠷᠴᠡᠶ
ᠨᠡᠶᠢᠲᠡᠯᠡᠭᠰᠡᠨ ᠴᠠᠭ᠄
2023/2/20
    2022 ᠣᠨ ᠳᠤ᠂ ᠣᠷᠳᠣᠰ ᠬᠤᠲᠠ 《 ᠠᠷᠪᠠᠨ ᠳᠥᠷᠪᠡᠳᠦᠭᠡᠷ ᠲᠠᠪᠤᠨ ᠵᠢᠯ 》 ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ 《 ᠪᠥᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ ᠶᠢ ᠪᠥᠲᠥᠭᠡᠨ ᠪᠠᠶᠢᠭᠤᠯᠬᠤ ᠬᠡᠷᠡᠭᠵᠢᠭᠦᠯᠬᠦ ᠲᠥᠰᠦᠯ 》 ᠢ ᠨᠡᠶᠢᠲᠡᠯᠡᠵᠦ᠂ ᠣᠯᠠᠨ ᠤᠯᠤᠰ ᠤᠨ ᠬᠠᠷᠠᠭᠠᠰᠤ ᠪᠠ ᠬᠠᠷᠠᠴᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠠᠮᠢ ᠠᠬᠤᠶ ᠶᠢ ᠰᠢᠯᠢᠳᠡᠭᠵᠢᠭᠦᠯᠵᠦ᠂ ᠬᠤᠰᠢᠭᠤᠷᠠᠯ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠦᠪᠰᠢᠨ ᠨᠢᠰᠬᠦ ᠮᠡᠲᠦ ᠲᠦᠷᠭᠡᠨ ᠬᠥᠭᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ  ᠃     2022 ᠣᠨ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠭᠰᠡᠨ ᠠᠵᠤ ᠠᠬᠤᠶᠢᠯᠠᠯ ᠤᠨ ᠲᠤᠭ᠎ᠠ 200 ᠶᠢ ᠳᠠᠪᠠᠵᠤ᠂ 239 ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠪᠠ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠶᠡᠷᠦᠩᠬᠡᠶ ᠲᠤᠭ᠎ᠠ ( 801 ᠡᠷᠦᠬᠡ ) ᠶᠢᠨ 29 . 8 % ᠶᠢ ᠡᠵᠡᠯᠡᠵᠦ᠂ ᠣᠯᠠᠨ ᠵᠢᠯ ᠤᠨ ᠲᠤᠷᠰᠢᠬᠢ ᠬᠡᠪᠴᠢᠶᠡᠵᠢᠯ ᠠᠴᠠ ᠳᠡᠭᠡᠭᠰᠢᠬᠢ ᠰᠤᠳᠤᠯᠤᠨ ᠨᠡᠭᠡᠭᠡᠭᠰᠡᠨ ᠠᠵᠤ ᠠᠬᠤᠶᠢᠯᠠᠯ ᠤᠨ ᠡᠵᠡᠯᠡᠬᠦ ᠬᠠᠷᠢᠴᠠᠯ 20 % ᠬᠥᠷᠬᠦ ᠥᠬᠡᠶ ᠪᠠᠶᠢᠳᠠᠯ ᠢ ᠡᠴᠦᠰᠯᠡᠭᠦᠯᠵᠡᠶ  ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠰᠤᠳᠤᠯᠤᠨ ᠨᠡᠭᠡᠭᠡᠭᠰᠡᠨ ᠠᠵᠤ ᠠᠬᠤᠶᠢᠯᠠᠯ ᠤᠨ ᠲᠤᠭ᠎ᠠ 222 ᠡᠷᠦᠬᠡ ᠪᠠᠶᠢᠵᠤ᠂ ᠠᠳᠠᠯᠢ ᠬᠤᠭᠤᠴᠠᠭᠠᠨ ᠤ ( 138 ᠡᠷᠦᠬᠡ ) ᠠᠴᠠ 84 ᠡᠷᠦᠬᠡ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠤᠭ᠎ᠠ ( 535 ᠡᠷᠦᠬᠡ ) ᠶᠢᠨ 41 . 5 % ᠶᠢ ᠡᠵᠡᠯᠡᠵᠦ᠂ ᠠᠳᠠᠯᠢ ᠬᠤᠭᠤᠴᠠᠭᠠᠨ ᠤ ᠬᠤᠪᠢ ᠶᠢᠨ ᠵᠢᠩ ( 25 . 8 % ) ᠠᠴᠠ 15 . 7 ᠵᠠᠭᠤᠨ ᠤ ᠴᠡᠭ ᠳᠡᠭᠡᠭᠰᠢᠯᠡᠵᠦ᠂ ᠣᠮᠤᠭ ᠲᠡᠭᠦᠯᠳᠡᠷ ᠢᠶᠠᠷ ᠤᠷᠤᠭᠰᠢᠯᠠᠬᠤ ᠪᠠᠶᠢᠳᠠᠯ ᠢᠯᠡᠷᠡᠪᠡ︔ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠲᠤ ᠰᠤᠳᠤᠯᠤᠨ ᠨᠡᠭᠡᠭᠡᠭᠰᠡᠨ ᠠᠵᠤ ᠠᠬᠤᠶᠢᠯᠠᠯ ᠤᠨ ᠲᠤᠭ᠎ᠠ 17 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4 ᠡᠷᠦᠬᠡ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠶ ᠲᠤᠭ᠎ᠠ ( 266 ᠡᠷᠦᠬᠡ )  ᠶᠢᠨ 6 . 4 % ᠶᠢ ᠡᠵᠡᠯᠡᠵᠦ᠂ ᠠᠳᠠᠯᠢ ᠬᠤᠭᠤᠴᠠᠭᠠᠨ ᠤ ᠬᠤᠪᠢ ᠶᠢᠨ ᠵᠢᠩ ( 4 . 9 % ) ᠠᠴᠠ 1 . 5 ᠵᠠᠭᠤᠨ ᠤ ᠴᠡᠭ ᠳᠡᠭᠡᠭᠰᠢᠯᠡᠪᠡ  ᠃       ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 70 ᠳ᠋ᠦᠩᠰᠢᠭᠤᠷ ᠲᠥᠭᠦᠷᠢᠭ ᠢ ᠳᠠᠪᠠᠵᠤ᠂ 79 . 1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19 . 9 ᠳ᠋ᠦᠩᠰᠢᠭᠤᠷ ᠲᠥᠭᠦᠷᠢᠭ ᠨᠡᠮᠡᠭᠳᠡᠵᠦ᠂ 33 . 6 % ᠪᠠᠷ ᠨᠡᠮᠡᠭᠳᠡᠪᠡ  ᠃ ᠡᠭᠦᠨ ᠳᠤ᠂ ᠬᠡᠪᠴᠢᠶᠡᠵᠢᠯ  ᠠᠴᠠ ᠳᠡᠭᠡᠭᠰᠢᠬᠢ ᠠᠵᠤ ᠦᠶᠯᠡᠳᠪᠦᠷᠢ ᠶᠢᠨ ᠰᠤᠳᠤᠯᠤᠨ ᠨᠡᠭᠡᠭᠡᠬᠦ ᠵᠠᠷᠤᠳᠠᠯ 77 . 2 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34 . 6 % ᠪᠠᠷ ᠨᠡᠮᠡᠭᠳᠡᠵᠦ᠂ ᠪᠤᠭᠤᠲᠤ ᠬᠤᠲᠠ ( 49 . 9 ᠳ᠋ᠦᠩᠰᠢᠭᠤᠷ ᠲᠥᠭᠦᠷᠢᠭ ) ᠠᠴᠠ 27 . 3 ᠳ᠋ᠦᠩᠰᠢᠭᠤᠷ ᠲᠥᠭᠦᠷᠢᠭ ᠥᠨᠳᠥᠷ ᠪᠣᠯᠵᠣ᠂ ᠬᠥᠬᠡᠬᠤᠲᠠ ( 36 . 2 ᠳ᠋ᠦᠩᠰᠢᠭᠤᠷ ᠲᠥᠭᠦᠷᠢᠭ ) ᠠᠴᠠ 41 ᠳ᠋ᠦᠩᠰᠢᠭᠤᠷ ᠲᠥᠭᠦᠷᠢᠭ ᠥᠨᠳᠥᠷ ᠪᠣᠯᠵᠣ᠂ ᠪᠥᠬᠦ ᠣᠷᠣᠨ ᠤ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠶ ᠲᠤᠭ᠎ᠠ ( 238 . 8 ᠳ᠋ᠦᠩᠰᠢᠭᠤᠷ ᠲᠥᠭᠦᠷᠢᠭ ) ᠶᠢᠨ 32 . 4 % ᠶᠢ ᠡᠵᠡᠯᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 31 . 3 % ᠳᠤ ᠬᠦᠷᠴᠦ᠂ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠶ ᠬᠡᠮᠵᠢᠶ᠎ᠡ ᠪᠠ ᠬᠤᠪᠢ ᠨᠡᠮᠡᠷᠢ ᠨᠢ ᠪᠥᠬᠦ  ᠃ ᠰᠤᠳᠤᠯᠤᠨ ᠨᠡᠭᠡᠭᠡᠬᠦ ᠵᠠᠷᠤᠳᠠᠯ ᠤᠨ ᠡᠵᠡᠩᠨᠡᠯᠲᠡ ᠶᠢᠨ ᠣᠷᠣᠯᠭ᠎ᠠ ( 8002 . 6 ᠳ᠋ᠦᠩᠰᠢᠭᠤᠷ ᠲᠥᠭᠦᠷᠢᠭ ) ᠳᠤ ᠡᠵᠡᠯᠡᠬᠦ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ 0 . 83 % ᠠᠴᠠ ᠳᠡᠭᠡᠭᠰᠢᠯᠡᠭᠡᠳ 0 . 97 % ᠳᠤ ᠬᠦᠷᠴᠦ᠂ 0 . 13 ᠵᠠᠭᠤᠨ ᠤ ᠴᠡᠭ ᠨᠡᠮᠡᠭᠳᠡᠨ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ( 0 . 85 % ) ᠠᠴᠠ 0 . 12 ᠵᠠᠭᠤᠨ ᠤ ᠴᠡᠭ ᠥᠨᠳᠥᠷ ᠪᠣᠯᠵᠣ᠂ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠳᠤ ᠬᠥᠷᠪᠡ  ᠃ ᠬᠡᠪᠴᠢᠶᠡᠵᠢᠯ  ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠰᠤᠳᠤᠯᠤᠨ ᠨᠡᠭᠡᠭᠡᠬᠦ ᠵᠠᠷᠤᠳᠠᠯ 1 . 87 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 5 % ᠪᠠᠷ ᠨᠡᠮᠡᠭᠳᠡᠪᠡ  ᠃      ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠤᠮᠳᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 ᠪᠠᠶᠢᠵᠤ᠂ ᠰᠤᠳᠤᠯᠤᠨ ᠨᠡᠭᠡᠭᠡᠬᠦ ᠵᠠᠷᠤᠳᠠᠯ 53 . 1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27 . 3 % ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠶ ᠲᠣᠭᠠᠨ ᠤ 68 . 8 % ᠶᠢ ᠡᠵᠡᠯᠡᠵᠦ᠂ ᠰᠤᠳᠤᠯᠤᠨ ᠨᠡᠭᠡᠭᠡᠬᠦ ᠭᠤᠤᠯ ᠬᠦᠴᠦᠨ ᠤ ᠦᠶᠯᠡᠳᠦᠯ ᠢᠶᠠᠨ ᠦᠷᠭᠦᠯᠵᠢᠯᠡᠨ ᠪᠠᠲᠤᠯᠠᠪᠠ  ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠩᠬ᠎ᠠ ᠤᠳᠠᠭ᠎ᠠ 2000 ᠳ᠋ᠦᠩᠰᠢᠭᠤᠷ ᠲᠥᠭᠦᠷᠢᠭ ᠢ ᠳᠠᠪᠠᠵᠤ᠂ 2205 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7 . 1 % ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ  ᠶᠢᠨ ᠶᠡᠷᠦᠩᠬᠡᠶ ᠲᠣᠭᠠᠨ ᠤ 27 . 6 % ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ  ᠶᠢᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 13 . 1 % ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ 2 . 1 ᠵᠠᠭᠤᠨ ᠤ ᠴᠡᠭ ᠨᠡᠮᠡᠭᠳᠡᠬᠦ ᠶᠢ ᠳᠠᠶᠢᠴᠢᠯᠠᠪᠠ  ᠃ ᠰᠤᠳᠤᠯᠤᠨ ᠨᠡᠭᠡᠭᠡᠬᠦ ᠵᠠᠷᠤᠳᠠᠯ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 22 ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 ᠡᠷᠦᠬᠡ ᠨᠡᠮᠡᠭᠳᠡᠵᠦ᠂ 57 . 1 % ᠪᠠᠷ ᠨᠡᠮᠡᠭᠳᠡᠪᠡ ᠣᠷᠳᠣᠰ ᠬᠤᠲᠠ ᠶᠢᠨ ᠶᠤᠸᠠᠨ ᠱᠧᠩ ᠬᠡᠷᠡᠯ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠰᠢ ᠶᠢᠨ ᠠᠭᠤᠷᠬᠠᠶ ᠶᠢᠨ ᠲᠡᠮᠦᠷᠯᠢᠭ ᠬᠠᠶᠢᠯᠤᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠤᠳᠤᠯᠤᠨ ᠨᠡᠭᠡᠭᠡᠬᠦ ᠵᠠᠷᠤᠳᠠᠯ ᠲᠣᠰ ᠲᠣᠰ 6 ᠳ᠋ᠦᠩᠰᠢᠭᠤᠷ ᠲᠥᠭᠦᠷᠢᠭ᠂ 4 ᠳ᠋ᠦᠩᠰᠢᠭᠤᠷ ᠲᠥᠭᠦᠷᠢᠭ ᠪᠠ 3 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠬᠤᠲᠠ ᠶᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠪᠠ  ᠃
 
ᠢᠷᠡᠯᠲᠡ᠄ ᠣᠷᠳᠣᠰ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号