ᠪᠤᠭᠤᠲᠤ ᠬᠤᠲᠠ ᠰᠤᠳᠤᠯᠤᠨ ᠨᠡᠭᠡᠭᠡᠬᠦ ᠣᠷᠣᠭᠤᠯᠤᠯᠲᠠ ᠶᠢ ᠲᠥᠪᠯᠡᠷᠡᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠡᠷᠭᠢᠯᠡᠵᠦ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠵᠦ ᠪᠣᠶ
ᠨᠡᠶᠢᠲᠡᠯᠡᠭᠰᠡᠨ ᠴᠠᠭ᠄
2023/2/3
     ᠪᠤᠭᠤᠲᠤ ᠬᠤᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ 2022 ᠣᠨ ᠤ ᠤᠯᠤᠰ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠮᠡᠳᠡᠭᠦᠯᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠭᠠᠵᠠᠷ ᠣᠷᠣᠨ ᠬᠤᠪᠢᠶᠠᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ  ᠃ ᠣᠳᠣᠬᠠᠨ ᠳᠤ᠂ ᠲᠤᠰᠬᠠᠶ ᠰᠡᠳᠦᠪᠲᠦ ᠪᠣᠯᠪᠠᠰᠤᠷᠠᠭᠤᠯᠤᠯ ᠢ 7 ᠤᠳᠠᠭ᠎ᠠ ᠵᠣᠬᠢᠶᠠᠨ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ 260 ᠭᠠᠷᠤᠶ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ 400 ᠭᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠠᠵᠢᠯᠲᠠᠨ ᠵᠢᠴᠢ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ ᠪᠣᠯᠪᠠᠰᠤᠷᠠᠭᠤᠯᠤᠯ ᠰᠤᠷᠤᠯᠴᠠᠯᠭ᠎ᠠ ᠳᠤ ᠣᠷᠣᠯᠴᠠᠪᠠ  ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠠᠴᠠ ᠪᠤᠭᠤᠲᠤ ᠬᠤᠲᠠ ᠶᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ  ᠶᠢ ᠦᠷᠭᠦᠯᠵᠢᠯᠡᠨ ᠠᠬᠢᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠬᠤ ᠡᠯ᠎ᠡ ᠵᠦᠶᠯ  ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠵᠣᠷᠢᠭ ᠰᠠᠨᠠᠭ᠎ᠠ ᠶᠢ ᠤᠯᠠᠮᠵᠢᠯᠠᠪᠠ  ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠭᠠᠵᠠᠷ ᠣᠷᠣᠨ ᠤ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠪᠦᠷᠢᠳᠬᠡᠵᠦ ᠲᠠᠭᠯᠠᠨ ᠮᠡᠳᠡᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠭᠤᠤᠯ ᠠᠰᠠᠭᠤᠳᠠᠯ ᠢ ᠵᠠᠳᠠᠯᠤᠨ ᠳ᠋ᠦᠩᠨᠡᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠣᠨ ᠤ ᠮᠡᠳᠡᠭᠦᠯᠦᠯᠲᠡ ᠶᠢ ᠲᠠᠭᠯᠠᠨ ᠮᠡᠳᠡᠭᠦᠯᠬᠦ ᠶᠠᠪᠤᠴᠠ ᠳᠠᠬᠢ ᠪᠠᠶᠢᠩᠭᠤ ᠲᠣᠬᠢᠶᠠᠯᠳᠤᠳᠠᠭ ᠠᠰᠠᠭᠤᠳᠠᠯ ᠪᠠ ᠠᠩᠬᠠᠷᠬᠤ ᠵᠦᠶᠯᠡᠰ ᠢ ᠨᠠᠷᠢᠨ ᠲᠠᠶᠢᠯᠪᠤᠷᠢᠯᠠᠭᠰᠠᠨ ᠪᠥᠭᠡᠳ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠪᠠᠨ ᠴᠠᠭ ᠲᠤᠬᠠᠶ  ᠳᠤᠨᠢ ᠳᠡᠭᠡᠭᠰᠢ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠨ ᠪᠠᠶᠢᠷᠢᠯᠠᠭᠤᠯᠪᠠ  ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠪᠣᠯ ᠴᠥᠮ ᠨᠢᠭᠡᠳᠦᠭᠡᠷ ᠹᠷᠣᠨᠲ ᠤᠨ ᠰᠤᠳᠤᠯᠤᠨ ᠨᠡᠭᠡᠭᠡᠬᠦ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯᠲᠠᠨ ᠪᠣᠯᠤᠨ᠎ᠠ᠂ ᠰᠢᠰᠲ᠋ᠧᠮ ᠲᠠᠢ᠂ ᠵᠢᠷᠤᠮᠵᠢᠯ ᠲᠠᠢ ᠲᠠᠶᠢᠯᠤᠮᠵᠢ ᠬᠢᠬᠦ ᠪᠠᠷ ᠳᠠᠮᠵᠢᠭᠤᠯᠤᠨ᠂ ᠣᠯᠠᠨ ᠢᠶᠠᠷ ᠢᠶᠠᠨ ᠨᠠᠷᠢᠨ ᠬᠢᠨᠠᠮᠠᠭᠠᠶ ᠰᠣᠨᠣᠰᠴᠤ᠂ ᠲᠡᠮᠳᠡᠭᠯᠡᠯ ᠬᠢᠵᠦ᠂ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠲᠤᠬᠠᠶ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ  ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠢᠶ᠎ᠠ ᠪᠥᠬᠦᠶ ᠠᠵᠢᠯᠲᠠᠨ ᠪᠠ ᠲᠤᠰᠬᠠᠶ ᠮᠡᠷᠭᠡᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢ ᠳᠣᠭᠢᠷᠠᠭᠤᠯᠤᠨ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠪᠠ 《 ᠨᠢᠭᠡ ᠳᠤ ᠨᠢᠭᠡ 》 ᠬᠠᠪᠰᠤᠷᠤᠨ ᠵᠢᠯᠣᠭᠤᠳᠬᠤ ᠠᠵᠢᠯ ᠥᠷᠨᠢᠭᠦᠯᠵᠦ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠲᠥᠪᠯᠡᠷᠡᠭᠦᠯᠬᠦ ᠶᠢ ᠶᠡᠭᠡ ᠪᠠᠷ ᠠᠬᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠰᠢᠨᠵᠢᠯᠡᠬᠦ ᠤᠬᠠᠭᠠᠨᠴᠢ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠨᠠᠩ ᠣᠯᠠᠨ ᠠᠵᠤ ᠠᠬᠤᠶᠢᠯᠠᠯ ᠤᠨ ᠤᠯᠤᠰ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠰᠢᠭ ᠢ ᠭᠥᠷᠳᠡᠬᠦ ᠶᠢ ᠠᠬᠢᠭᠤᠯᠤᠨ᠎ᠠ  ᠃
 
ᠢᠷᠡᠯᠲᠡ᠄ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号