ᠪᠥᠬᠦ ᠣᠷᠣᠨ ᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/2/6
      2 ᠳ᠋ᠤᠭᠠᠷ ᠰᠠᠷ᠎ᠠ ᠶᠢᠨ 4 ᠤ ᠡᠳᠦᠷ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ  ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ  ᠃       ᠬᠤᠸᠠᠩ ᡁᠢ ᠴᠢᠶᠠᠩ᠂ ᠥᠪᠥᠷ ᠮᠣᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ  ᠤᠨ ᠳᠤᠮᠳᠠ ᠤᠷᠤᠰᠬᠠᠯ ᠤᠨ ᠲᠦᠪᠰᠢᠨ ᠳᠤ ᠬᠦᠷᠲᠡᠯ᠎ᠡ ᠰᠡᠷᠭᠦᠭᠡᠬᠦ ᠳᠤ ᠡᠷᠬᠡᠪᠰᠢ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠢ  ᠃ ᠶᠡᠭᠡ ᠬᠥᠭᠵᠢᠯᠲᠡ ᠶᠡᠭᠡ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠣᠯ ᠤᠷᠢᠲᠠᠯ ᠮᠥᠨ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠶᠡᠭᠡ ᠠᠵᠢᠯ ᠬᠢᠵᠦ ᠲᠦᠷᠭᠡᠨ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠬᠦ ᠬᠡᠷᠡᠭᠲᠡᠢ  ᠃ ᠶᠡᠭᠡ ᠪᠡᠯᠡ ᠣᠷᠣᠭᠤᠯᠤᠯᠲᠠ ᠶᠢᠨ 《 ᠰᠠᠶᠢᠨ ᠡᠬᠢᠯᠡᠯᠲᠡ 》 ᠶᠢ ᠪᠡᠶᠡᠯᠡᠭᠦᠯᠬᠦ ᠪᠣᠯ ᠰᠠᠭᠤᠷᠢ ᠪᠣᠯᠤᠨ᠎ᠠ᠂ 《 ᠡᠪᠦᠯ ᠤᠨ ᠤᠯᠠᠷᠢᠯ ᠤᠨ ᠢᠨᠵᠧᠨᠧᠷᠢᠩ 》 ᠢ ᠰᠠᠶᠢᠲᠤᠷ ᠠᠳᠬᠤᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠪᠠᠷᠢᠯᠭ᠎ᠠ ᠪᠠᠨ ᠡᠷᠲᠡ ᠡᠬᠢᠯᠡᠭᠦᠯᠵᠦ᠂ 《 ᠬᠤᠷᠳᠤᠴᠠ ᠪᠠᠨ ᠲᠦᠷᠭᠡᠳᠬᠡᠬᠦ 》 ᠠᠴᠠ ᠭᠠᠷᠬᠤ ᠬᠡᠷᠡᠭᠲᠡᠢ  ᠃ ᠲᠣᠮᠣ ᠪᠠᠯᠠ ᠣᠷᠣᠭᠤᠯᠤᠯᠲᠠ ᠶᠢᠨ ᠡᠯᠧᠮᠧᠨ᠋ᠲ  ᠤᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠡᠨᠧᠷᠭᠢ ᠶᠢᠨ ᠬᠤᠷᠣᠭᠳᠠᠯ᠂ ᠤᠰᠤ᠂ ᠪᠠᠯᠠ ᠮᠥᠩᠭᠦ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠮᠥᠩᠭᠦᠨ ᠭᠦᠶᠯᠭᠡᠭᠡᠨ ᠤ ᠠᠮᠢᠳᠤᠯᠢᠭ ᠪᠠᠭᠠᠵᠢ ᠶᠢ ᠤᠶᠢᠯᠠᠭᠠᠨ ᠬᠡᠷᠡᠭᠯᠡᠵᠦ᠂ ᠲᠥᠷᠥᠯ ᠵᠦᠶᠯ ᠤᠨ ᠡᠷᠲᠡ ᠠᠵᠢᠯ ᠡᠬᠢᠯᠡᠭᠦᠯᠵᠦ᠂ ᠡᠷᠲᠡ ᠪᠠᠶᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠶ  ᠃ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠣᠨᠣᠴᠠᠲᠠᠢ ᠲᠤᠬᠢᠷᠠᠭᠤᠯᠤᠯ ᠡᠵᠡᠮᠳᠡᠯ ᠢ ᠠᠬᠢᠭᠤᠯᠬᠤ ᠪᠣᠯ ᠬᠦᠰᠢᠬᠦᠷᠭᠡ ᠮᠥᠨ᠂ ᠪᠣᠰᠤᠭ᠎ᠠ ᠴᠣᠭᠴᠠᠲᠤ ᠲᠤᠬᠢᠷᠠᠭᠤᠯᠤᠯᠳᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠵᠢᠯ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠲᠡᠢ ᠡᠬᠢᠯᠡᠭᠦᠯᠬᠦ ᠶᠢ ᠠᠬᠢᠭᠤᠯᠬᠤ ᠬᠡᠷᠡᠭᠲᠡᠢ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号