| | ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ | ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ | ᠤᠨ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠄ | ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠭᠠᠵᠢ ᠬᠡᠷᠡᠭᠰᠡᠯ ᠢ | ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠶᠢ ᠠᠬᠢᠭᠤᠯᠵᠤ᠂ ᠵᠥᠪᠯᠡᠯᠭᠡ ᠥᠭᠴᠦ ᠨᠤᠲᠠᠯᠠᠯᠲᠠ ᠬᠢᠬᠦ᠂ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠬᠢᠬᠦ ᠶᠢᠨ ᠲᠤᠰᠠᠳᠠ᠂ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠥᠬᠦ | ᠣᠷᠣᠨ ᠳᠤ ᠬᠠᠨᠳᠤᠭᠤᠯᠤᠨ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠭᠠᠵᠢ ᠬᠡᠷᠡᠭᠰᠡᠯ ᠢ ᠴᠢᠯᠥᠭᠡᠲᠡᠶ | ᠪᠥᠭᠡᠳ ᠬᠠᠮᠲᠤᠪᠠᠷ ᠭᠥᠷᠳᠡᠬᠦ ᠬᠦᠷᠢᠶᠡᠨ ᠤ ᠲᠤᠰᠬᠠᠶ ᠮᠡᠷᠭᠡᠵᠢᠯᠲᠡᠨ ᠢ ᠢᠯᠡ ᠪᠠᠷ ᠡᠯᠰᠡᠨ ᠴᠤᠭᠯᠠᠭᠤᠯᠵᠤ᠂ ᠨᠥᠬᠦᠴᠡᠯ ᠳᠤ | ᠨᠡᠶᠢᠴᠡᠬᠦ ᠲᠤᠰᠬᠠᠶ ᠮᠡᠷᠭᠡᠵᠢᠯᠲᠡᠨ ᠢ ᠨᠢᠭᠡᠴᠡ ᠠᠴᠠ ᠲᠠᠨᠢᠯᠴᠠᠭᠤᠯᠬᠤ ᠪᠤᠶᠤ ᠬᠠᠨᠳᠤᠯᠭ᠎ᠠ ᠲᠠᠢ ᠪᠠᠷ ᠤᠷᠢᠬᠤ ᠠᠷᠭ᠎ᠠ ᠮᠠᠶ᠋ᠢᠭ | ᠢᠶᠠᠷ ᠳᠡᠮᠵᠢᠨ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠵᠤ ᠪᠣᠯᠤᠨ᠎ᠠ ᠃ ᠪᠣᠳᠠᠲᠠᠶ ᠵᠦᠢᠯᠡᠰ ᠢ ᠳᠣᠣᠷᠠᠬᠢ ᠮᠡᠲᠦ | ᠮᠡᠳᠡᠭᠳᠡᠶ᠎ᠡ ᠃ | ᠨᠢᠭᠡ᠂ ᠲᠤᠰᠬᠠᠢ ᠮᠡᠷᠭᠡᠵᠢᠯᠲᠡᠨ ᠤ ᠨᠥᠬᠦᠴᠡᠯ | 1 . ᠤᠯᠤᠰ ᠲᠥᠷᠥ ᠶᠢᠨ ᠵᠣᠭᠰᠣᠯᠲᠠ ᠪᠠᠲᠤ᠂ ᠪᠤᠰᠤᠳᠴᠢ ᠲᠥᠪ ᠭᠤᠤᠯᠴᠢ᠂ ᠵᠠᠷᠴᠢᠮ ᠢ ᠪᠠᠷᠢᠮᠲᠠᠯᠠᠬᠤ᠂ ᠰᠠᠶᠢᠨ | ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ ᠲᠥᠷᠥᠯ ᠤᠨ ᠬᠡᠪ ᠰᠠᠬᠢᠯᠭ᠎ᠠ ᠲᠠᠢ ᠪᠠᠶᠢᠵᠤ᠂ ᠡᠷᠳᠡᠮ | ᠰᠢᠨᠵᠢᠯᠡᠭᠡᠨ ᠤ ᠲᠥᠪ ᠪᠤᠰᠤ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠪᠤᠰᠤᠳ ᠮᠠᠭᠤ ᠦᠶᠯᠡ ᠠᠵᠢᠯᠯᠠᠭ᠎ᠠ ᠶᠢᠨ | ᠲᠡᠮᠳᠡᠭᠯᠡᠯ ᠪᠠᠶᠢᠬᠤ ᠥᠬᠡᠶ ᠃ | 2 . ᠲᠤᠰᠬᠠᠶ ᠮᠡᠷᠭᠡᠵᠢᠯᠲᠡᠨ ᠤ ᠠᠵᠢᠯ ᠢ ᠡᠭᠦᠷᠭᠡᠯᠡᠬᠦ ᠳᠤᠷᠠᠲᠠᠶ ᠪᠥᠭᠡᠳ ᠡᠭᠦᠷᠭᠡᠯᠡᠵᠦ ᠳᠡᠶᠢᠯᠬᠦ ᠶᠢᠨ ᠬᠠᠮᠲᠤ | ᠲᠤᠬᠠᠶᠢᠯᠠᠭᠰᠠᠨ ᠠᠵᠢᠯ ᠤᠨ ᠨᠠᠶᠢᠳᠠᠯᠭ᠎ᠠ ᠶᠢᠨ ᠱᠠᠭᠠᠷᠳᠠᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠨ᠂ ᠬᠢᠨᠠᠨ | ᠲᠣᠭᠲᠠᠭᠠᠬᠤ᠂ ᠦᠨᠡᠯᠡᠨ ᠵᠢᠱᠢᠬᠦ᠂ ᠠᠰᠠᠭᠤᠨ ᠯᠠᠪᠯᠠᠬᠤ᠂ ᠨᠤᠲᠠᠯᠠᠬᠤ ᠵᠡᠷᠭᠡ ᠠᠵᠢᠯ ᠢ ᠪᠡᠶᠡᠯᠡᠭᠦᠯᠬᠦ ᠴᠠᠭ ᠪᠠ ᠣᠶᠤᠨ | ᠴᠢᠳᠠᠯ ᠭᠦᠶᠴᠡᠳ ᠪᠠᠶᠢᠵᠤ᠂ ᠨᠠᠰᠤ ᠶᠢ ᠨᠢ ᠪᠦᠬᠦᠯᠢ 65 ᠨᠠᠰᠤᠨ ᠠᠴᠠ ᠬᠡᠲᠦᠷᠡᠭᠦᠯᠵᠦ ᠪᠣᠯᠬᠤ ᠥᠬᠡᠶ ᠃ | 3 . ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠡᠮᠵᠢᠭᠦᠷᠯᠢᠭ ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ | ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠠᠵᠢᠯᠯᠠᠭᠠᠨ ᠤ ᠲᠣᠭᠲᠠᠴᠠ ᠵᠢᠴᠢ ᠠᠵᠢᠯ ᠲᠥᠷᠥᠯ ᠤᠨ ᠬᠥᠭᠵᠢᠯᠲᠡ ᠶᠢᠨ | ᠬᠥᠳᠡᠯᠦᠯ ᠪᠠᠶᠢᠳᠠᠯ ᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠲᠠ᠂ ᠲᠤᠷᠰᠢᠯᠲᠠ ᠶᠢᠨ ᠲᠠᠰᠤᠭ | ᠤᠨ ᠶᠠᠰᠤ ᠴᠢᠨᠠᠷ ᠤᠨ ᠬᠠᠮᠢᠶᠠᠷᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠳᠠᠯᠤᠯᠲᠠ᠂ ᠲᠤᠭ᠎ᠠ ᠪᠠᠷᠢᠮᠲᠠ ᠶᠢ | ᠪᠦᠷᠢᠳᠬᠡᠨ ᠵᠠᠳᠠᠯᠬᠤ᠂ ᠬᠡᠮᠵᠢᠭᠦᠷᠯᠢᠭ ᠲᠥᠬᠦᠭᠡᠷᠦᠮᠵᠢ ᠶᠢ ᠬᠡᠷᠡᠭᠯᠡᠬᠦ ᠪᠠ ᠬᠠᠮᠢᠶᠠᠷᠬᠤ᠂ ᠲᠣᠮᠣ ᠬᠡᠯᠪᠡᠷᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠬᠡᠮᠵᠢᠭᠦᠷᠯᠢᠭ ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠲᠠᠪᠴᠠᠩ ᠢ ᠠᠵᠢᠯᠯᠠᠭᠤᠯᠤᠨ | ᠡᠵᠡᠩᠨᠡᠵᠦ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠪᠦᠬᠦᠯᠢ 5 ᠵᠢᠯ ᠬᠢᠪᠠ ᠃ | 4 . ᠡᠩ ᠤᠨ ᠪᠠᠶᠢᠳᠠᠯ ᠳᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠤᠶᠤ ᠳᠡᠳ᠋ ᠭᠠᠵᠠᠷ ᠤᠨ ᠲᠠᠰ ᠠᠴᠠ | ᠳᠡᠭᠡᠭᠰᠢᠬᠢ ᠲᠤᠰᠢᠶᠠᠯ ᠲᠠᠢ ᠪᠠᠶᠢᠵᠤ᠂ ᠡᠯᠪᠡᠭ ᠪᠠᠶᠠᠯᠢᠭ ᠣᠨᠣᠯ ᠤᠨ ᠰᠠᠭᠤᠷᠢ ᠪᠠ ᠦᠶᠯᠡᠳᠦᠯᠭᠡ ᠶᠢᠨ ᠲᠤᠷᠰᠢᠯᠭ᠎ᠠ ᠲᠠᠢ | ᠪᠠᠶᠢᠬᠤ ᠬᠡᠷᠡᠭᠲᠡᠶ ᠃ | ᠬᠤᠶᠠᠷ᠂ ᠡᠯᠰᠡᠬᠦ ᠠᠷᠭ᠎ᠠ ᠮᠠᠶ᠋ᠢᠭ | ( ᠨᠢᠭᠡ ) ᠨᠢᠭᠡᠴᠡ ᠠᠴᠠ ᠪᠠᠲᠤᠯᠠᠨ ᠲᠠᠨᠢᠯᠴᠠᠭᠤᠯᠤᠭᠰᠠᠨ | 1 . ᠬᠤᠯᠪᠣᠭᠳᠠᠯ ᠪᠥᠬᠦᠶ ᠨᠢᠭᠡᠴᠡ ᠪᠠ ᠰᠠᠯᠠᠭ᠎ᠠ ᠮᠥᠴᠢᠷ ᠨᠢ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ | ᠤ ᠨᠥᠬᠦᠴᠡᠯ ᠪᠠ ᠱᠠᠭᠠᠷᠳᠠᠯᠭ᠎ᠠ ᠶᠢ ᠦᠨᠳᠦᠰᠦᠯᠡᠨ᠂ ᠰᠢᠯᠢᠳᠡᠭ ᠢ ᠨᠢ ᠰᠣᠩᠭᠤᠨ ᠲᠠᠨᠢᠯᠴᠠᠭᠤᠯᠬᠤ ᠶᠢᠨ ᠬᠠᠮᠲᠤ᠂ 《 | ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ ᠴᠢᠯᠥᠭᠡᠲᠡᠶ ᠲᠠᠯᠪᠢᠵᠤ ᠬᠠᠮᠲᠤᠪᠠᠷ | ᠭᠥᠷᠳᠡᠬᠦ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠤ ᠲᠠᠨᠢᠯᠴᠠᠭᠤᠯᠬᠤ ᠬᠦᠰᠦᠨᠦᠭᠲᠦ 》 ( ᠳᠠᠭᠠᠯᠳᠤᠭᠤᠯᠤᠯ 1 ) | ᠪᠠ 《 ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ ᠴᠢᠯᠥᠭᠡᠲᠡᠶ ᠲᠠᠯᠪᠢᠵᠤ | ᠬᠠᠮᠲᠤᠪᠠᠷ ᠭᠥᠷᠳᠡᠬᠦ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠤ ᠪᠠᠶᠢᠳᠠᠯ ᠤᠨ ᠬᠦᠰᠦᠨᠦᠭᠲᠦ 》 ( | ᠳᠠᠭᠠᠯᠳᠤᠭᠤᠯᠤᠯ 2 ) ᠶᠢ ᠵᠣᠬᠢᠶᠠᠨ ᠪᠠᠶᠢᠭᠤᠯᠤᠨ ᠲᠠᠭᠯᠠᠵᠤ᠂ 2023 ᠣᠨ ᠤ 3 ᠳ᠋ᠤᠭᠠᠷ ᠰᠠᠷ᠎ᠠ ᠶᠢᠨ 17 ᠤ ᠡᠳᠦᠷ | ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠲᠠᠨᠢᠯᠴᠠᠭᠤᠯᠤᠨ᠎ᠠ ᠃ | ᠡᠯᠧᠺᠲᠷᠣᠨ ᠬᠡᠪᠯᠡᠯ ( word ᠬᠡᠪᠯᠡᠯ ᠪᠠ ᠲᠠᠮᠠᠭ᠎ᠠ ᠳᠠᠷᠤᠭᠰᠠᠨ ᠰᠢᠷᠪᠢᠭᠦᠷ ) ᠢ dypt 20222 @ 163 . | com ᠳᠤ ᠢᠯᠡᠭᠡᠵᠦ ᠪᠣᠯᠤᠨ᠎ᠠ᠃ | 2 . ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠪᠠᠲᠤᠯᠠᠨ ᠲᠠᠨᠢᠯᠴᠠᠭᠤᠯᠤᠭᠰᠠᠨ ᠲᠤᠰᠬᠠᠶ ᠮᠡᠷᠭᠡᠵᠢᠯᠲᠡᠨ ᠢ | ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠭᠰᠡᠨ ᠲᠤᠰᠬᠠᠶ ᠮᠡᠷᠭᠡᠵᠢᠯᠲᠡᠨ ᠢ ᠤᠷᠢᠵᠤ ᠬᠥᠮᠥᠷᠭᠡ ᠳᠤ ᠣᠷᠣᠭᠤᠯᠤᠨ᠂ | ᠬᠠᠮᠢᠶᠠᠷᠤᠯᠲᠠ ᠶᠢᠨ ᠰᠢᠰᠲ᠋ᠧᠮ ᠤᠨ ᠲᠤᠰᠬᠠᠶ ᠮᠡᠷᠭᠡᠵᠢᠯᠲᠡᠨ ᠢ ᠪᠠᠶᠢᠭᠤᠯᠵᠤ ᠲᠠᠩᠰᠠᠨ ᠨᠣᠮᠧᠷ ᠲᠤ ᠣᠷᠣᠭᠤᠯᠬᠤ ᠬᠡᠷᠡᠭᠲᠡᠶ ᠃ | | ( ᠬᠤᠶᠠᠷ ) ᠬᠠᠨᠳᠤᠯᠭ᠎ᠠ ᠲᠠᠢ ᠪᠠᠷ ᠤᠷᠢᠬᠤ | 1 . 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ | ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠶᠢᠨ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠬᠢᠨᠠᠨ ᠲᠣᠭᠲᠠᠭᠠᠬᠤ | ᠬᠡᠷᠡᠭᠴᠡᠭᠡ ᠶᠢ ᠦᠨᠳᠦᠰᠦᠯᠡᠨ᠂ ᠬᠥᠮᠥᠷᠭᠡ ᠳᠤ ᠣᠷᠣᠭᠤᠯᠬᠤ ᠨᠥᠬᠦᠴᠡᠯ ᠳᠤ ᠨᠡᠶᠢᠴᠡᠭᠰᠡᠨ ᠲᠤᠰᠬᠠᠶ ᠮᠡᠷᠭᠡᠵᠢᠯᠲᠡᠨ ᠳᠤ | ᠬᠠᠨᠳᠤᠯᠭ᠎ᠠ ᠲᠠᠢ ᠪᠠᠷ ᠤᠷᠢᠯᠭ᠎ᠠ ᠶᠠᠪᠤᠭᠤᠯᠵᠤ᠂ ᠲᠣᠰ ᠬᠥᠮᠦᠨ ᠤ ᠰᠠᠶᠢᠨ ᠳᠤᠷ᠎ᠠ ᠶᠢᠨ ᠪᠠᠶᠢᠬᠤ ᠰᠠᠭᠤᠷᠢᠨ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠣᠮᠣ | ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠭᠠᠵᠢ ᠬᠡᠷᠡᠭᠰᠡᠯ ᠢ ᠴᠢᠯᠥᠭᠡᠲᠡᠶ ᠨᠡᠭᠡᠭᠡᠵᠦ ᠬᠠᠮᠲᠤᠪᠠᠷ ᠭᠥᠷᠳᠡᠬᠦ | ᠬᠦᠷᠢᠶᠡᠨ ᠤ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠨ᠎ᠠ ᠃ | 2 . ᠤᠷᠢᠯᠭ᠎ᠠ ᠶᠢ ᠭᠥᠯᠢᠶᠡᠨ ᠠᠪᠤᠭᠰᠠᠨ ᠲᠤᠰᠬᠠᠶ ᠮᠡᠷᠭᠡᠵᠢᠯᠲᠡᠨ ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ | 《 ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ ᠴᠢᠯᠥᠭᠡᠲᠡᠶ ᠲᠠᠯᠪᠢᠵᠤ ᠬᠠᠮᠲᠤ ᠪᠠᠷ | ᠭᠥᠷᠳᠡᠬᠦ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠤ ᠪᠠᠶᠢᠳᠠᠯ ᠤᠨ ᠬᠦᠰᠦᠨᠦᠭᠲᠦ 》 ( ᠳᠠᠭᠠᠯᠳᠤᠭᠤᠯᠤᠯ 2 ) ᠶᠢ | ᠲᠠᠭᠯᠠᠬᠤ ᠶᠢᠨ ᠬᠠᠮᠲᠤ 2023 ᠣᠨ ᠤ 3 ᠳ᠋ᠤᠭᠠᠷ ᠰᠠᠷ᠎ᠠ ᠶᠢᠨ 17 ᠤ ᠡᠳᠦᠷ ᠠᠴᠠ ᠡᠮᠦᠨ᠎ᠡ ᠡᠯᠧᠺᠲᠷᠣᠨ ᠬᠡᠪᠯᠡᠯ ( | word ᠬᠡᠪᠯᠡᠯ ᠪᠠ ᠲᠠᠮᠠᠭ᠎ᠠ ᠳᠠᠷᠤᠭᠰᠠᠨ ᠰᠢᠷᠪᠢᠯᠲᠡ ᠶᠢᠨ ᠮᠠᠲ᠋ᠧᠷᠢᠶᠠᠯ ) ᠢ dypt 2022 @ 163 . com ᠳᠤ | ᠢᠯᠡᠭᠡᠬᠦ ᠬᠡᠷᠡᠭᠲᠡᠶ ᠃ | ᠭᠤᠷᠪᠠ᠂ ᠲᠤᠰᠬᠠᠶ ᠮᠡᠷᠭᠡᠵᠢᠯᠲᠡᠳ ᠰᠤᠷᠠᠭ ᠵᠠᠩᠭᠢ ᠶᠢ ᠲᠡᠭᠦᠯᠳᠡᠷᠵᠢᠭᠦᠯᠬᠦ | ᠠᠩᠬ᠎ᠠ ᠤᠳᠠᠭ᠎ᠠ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠭᠰᠠᠨ ᠲᠤᠰᠬᠠᠶ ᠮᠡᠷᠭᠡᠵᠢᠯᠲᠡᠨ᠂ 4 ᠳ᠋ᠦ᠋ᠭᠡᠷ ᠰᠠᠷ᠎ᠠ | ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 14 ᠤ ᠡᠳᠦᠷ ᠪᠣᠯᠲᠠᠯ᠎ᠠ᠂ ᠭᠠᠷ ᠤᠲᠠᠰᠤᠨ ᠤ ᠨᠣᠮᠧᠷ ᠵᠢᠴᠢ ᠣᠬᠤᠷ | ᠮᠡᠳᠡᠭᠡ ᠪᠠᠷ ᠶᠠᠪᠤᠭᠤᠯᠬᠤ ᠴᠠᠭ ᠤᠨ ᠨᠢᠭᠤᠴᠠ ᠨᠣᠮᠧᠷ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠰᠢᠰᠲ᠋ᠧᠮ ( ᠰᠦᠯᠵᠢᠶᠡᠨ ᠤ ᠬᠠᠶ᠋ᠢᠭ᠄ | https᠄ / / f . nmkjt . org . cn / zjk ) ᠳᠤ ᠭᠠᠷᠴᠤ᠂ ᠨᠢᠭᠡᠨᠲᠡ ᠮᠡᠳᠡᠭᠦᠯᠦᠨ ᠬᠦᠷᠭᠡᠭᠰᠡᠨ 《 ᠲᠣᠮᠣ | ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ ᠴᠢᠯᠥᠭᠡᠲᠡᠶ ᠲᠠᠯᠪᠢᠵᠤ ᠬᠠᠮᠲᠤ ᠪᠠᠷ ᠭᠥᠷᠳᠡᠬᠦ | ᠬᠦᠷᠢᠶᠡᠨ ᠤ ᠲᠤᠰᠬᠠᠶ ᠮᠡᠷᠭᠡᠵᠢᠯᠲᠡᠨ ᠤ ᠪᠠᠶᠢᠳᠠᠯ ᠤᠨ ᠬᠦᠰᠦᠨᠦᠭᠲᠦ 》 ᠶᠣᠰᠣᠭᠠᠷ᠂ ᠬᠠᠮᠢᠶ᠎ᠠ ᠪᠥᠬᠦᠶ ᠬᠦᠷᠢᠶᠡᠨ ᠤ | ᠲᠤᠰᠬᠠᠶ ᠮᠡᠷᠭᠡᠵᠢᠯ ᠤᠨ ᠰᠤᠳᠤᠯᠭᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠢ ᠬᠢᠵᠦ ᠪᠠᠶᠢᠭ᠎ᠠ | ᠪᠠᠶᠢᠳᠠᠯ ᠢᠶᠠᠨ ᠦᠨᠡᠨ ᠮᠥᠨ ᠢᠶᠠᠷ ᠲᠠᠭᠯᠠᠨ ᠪᠢᠴᠢᠬᠦ ᠶᠢᠨ ᠬᠠᠮᠲᠤ᠂ ᠬᠤᠪᠢ ᠬᠥᠮᠦᠨ ᠤ ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠮᠡᠷᠭᠡᠵᠢᠯᠲᠡᠨ ᠤ | ᠬᠥᠮᠥᠷᠭᠡ ᠳᠤ ᠪᠠᠶᠢᠭ᠎ᠠ ᠲᠤᠰᠬᠠᠶ ᠮᠡᠷᠭᠡᠵᠢᠯᠲᠡᠨ᠂ ᠰᠢᠰᠲ᠋ᠧᠮ ᠳᠤ ᠣᠷᠣᠭᠰᠠᠨ ᠤ ᠳᠠᠷᠠᠭ᠎ᠠ᠂ ᠵᠥᠪᠬᠡᠨ ᠨᠢᠭᠡᠨᠲᠡ ᠮᠡᠳᠡᠭᠦᠯᠦᠨ | ᠬᠦᠷᠭᠡᠭᠰᠡᠨ 《 ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠴᠢᠯᠥᠭᠡᠲᠡᠶ ᠨᠡᠭᠡᠭᠡᠵᠦ | ᠬᠠᠮᠲᠤ ᠪᠠᠷ ᠭᠥᠷᠳᠡᠬᠦ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠤ ᠪᠠᠶᠢᠳᠠᠯ ᠤᠨ ᠬᠦᠰᠦᠨᠦᠭᠲᠦ 》 ᠶᠣᠰᠣᠭᠠᠷ᠂ | ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯ ᠤᠨ ᠰᠤᠳᠤᠯᠭᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠬᠠᠮᠢᠶᠠᠷᠤᠯᠲᠠ ᠶᠢᠨ ᠠᠵᠢᠯ ᠢ ᠬᠢᠵᠦ ᠪᠠᠶᠢᠭ᠎ᠠ ᠪᠠᠶᠢᠳᠠᠯ ᠢᠶᠠᠨ ᠦᠨᠡᠨ ᠮᠥᠨ ᠢᠶᠠᠷ ᠲᠠᠭᠯᠠᠨ ᠪᠢᠴᠢᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠳᠡᠪᠰᠢᠭᠦᠯᠦᠨ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠳᠠᠷᠤᠶ | ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠴᠢᠯᠥᠭᠡᠲᠡᠶ ᠨᠡᠭᠡᠭᠡᠵᠦ ᠬᠠᠮᠲᠤ ᠪᠠᠷ ᠭᠥᠷᠳᠡᠬᠦ | ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠢᠶᠠᠷ ᠰᠢᠨ᠎ᠡ ᠪᠠᠷ ᠨᠡᠮᠡᠭᠳᠡᠭᠦᠯᠦᠨ᠎ᠡ ᠃ | ᠲᠦᠷᠪᠡ᠂ ᠬᠠᠷᠢᠯᠴᠠᠬᠤ ᠬᠡᠯᠪᠡᠷᠢ | ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠲᠥᠪ᠄ ᠰᠢᠨ᠎ᠡ ᠶᠢ ᠪᠠᠶᠢᠭᠤᠯᠬᠤ ᠳᠤ ᠣᠷᠣᠯᠴᠠᠨ᠎ᠠ᠃ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠤᠨ ᠰᠠᠭᠤᠷᠢ ᠰᠤᠳᠤᠯᠤᠯ ᠤᠨ ᠭᠠᠵᠠᠷ᠄ ᠵᠦ ᠶᠧ ᠳ᠋ᠠᠨ | ᠤᠲᠠᠰᠤ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ | ᠶᠢᠨ ᠲᠥᠪ᠄ 0471 - 6328521 | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠠᠭᠤᠷᠢ ᠰᠤᠳᠤᠯᠤᠯ ᠤᠨ | ᠭᠠᠵᠠᠷ᠄ 0471 - 6328736 | ᠳᠠᠭᠠᠯᠳᠤᠭᠤᠯᠤᠯ᠄ 1 . ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ | ᠴᠢᠯᠥᠭᠡᠲᠡᠶ ᠨᠡᠭᠡᠭᠡᠵᠦ ᠬᠠᠮᠲᠤ ᠪᠠᠷ ᠭᠥᠷᠳᠡᠬᠦ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠤ ᠲᠠᠨᠢᠯᠴᠠᠭᠤᠯᠤᠭᠰᠠᠨ ᠬᠦᠰᠦᠨᠦᠭᠲᠦ | | 2 . ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠤᠨ | ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠤ ᠪᠠᠶᠢᠳᠠᠯ ᠤᠨ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ | 6 ᠤ ᠡᠳᠦᠷ |