| 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠭᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠬᠤᠶᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ ᠰᠢᠷᠡᠭᠡ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠨᠢᠩᠳᠧ ᠴᠠᠭ ᠦᠶ᠎ᠡ᠂ ᠪᠢ ᠶᠠ ᠳ᠋ᠢ ᠵᠡᠷᠭᠡ 11 ᠠᠵᠤ ᠠᠬᠤᠶᠢᠯᠠᠯ ᠲᠠᠢ ᠡᠨᠧᠷᠭᠢ | ᠬᠠᠳᠠᠭᠠᠯᠠᠬᠤ ᠲᠣᠨᠣᠭᠯᠠᠯ ᠦᠢᠯᠡᠳᠭᠦ ᠬᠥᠭᠵᠢᠯᠲᠡ ᠶᠢᠨ ᠬᠤᠳᠠᠯᠳᠤᠭᠠᠨ ᠤ ᠰᠢᠨ᠎ᠡ ᠠᠵᠠ ᠲᠣᠭᠢᠶᠠᠯ ᠢ ᠬᠠᠮᠲᠤ ᠪᠠᠷ | ᠶᠠᠷᠢᠯᠴᠠᠪᠠ᠃ | ᠬᠤᠸᠠᠩ ᡁᠢ ᠴᠢᠶᠠᠩ᠂ ᠡᠨᠡ ᠤᠳᠠᠭ᠎ᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ | ᠰᠢᠷᠡᠭᠡ ᠶᠢᠨ ᠬᠤᠷᠠᠯ ᠨᠢ ᠵᠠᠷᠯᠠᠨ ᠮᠡᠳᠡᠭᠳᠡᠬᠦ ᠬᠤᠷᠠᠯ ᠪᠤᠯᠬᠤ ᠪᠠᠷ ᠪᠠᠷᠠᠬᠤ ᠦᠭᠡᠢ ᠪᠠᠰᠠ ᠰᠤᠳᠤᠯᠤᠨ ᠶᠠᠷᠢᠯᠴᠠᠬᠤ | ᠬᠤᠷᠠᠯ ᠪᠣᠯᠣᠨ᠎ᠠ᠂ ᠮᠥᠨ ᠴᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠥᠪᠳᠡᠯᠴᠡ | ᠶᠠᠷᠢᠯᠴᠠᠬᠤ ᠬᠤᠷᠠᠯ ᠪᠣᠯᠣᠨ᠎ᠠ᠃ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ | ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠦᠭᠦ ᠬᠦᠴᠦ ᠪᠠᠷ ᠢᠶᠠᠨ ᠬᠥᠭᠵᠢᠭᠦᠯᠵᠦ᠂ ᠰᠢᠨ᠎ᠡ | ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ᠂ ᠡᠨᠧᠷᠭᠢ ᠬᠠᠳᠠᠭᠠᠯᠠᠬᠤ ᠪᠣᠯ ᠲᠤᠲᠠᠭᠳᠠᠵᠤ | ᠪᠣᠯᠣᠰᠢ ᠦᠭᠡᠢ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠃ ᠡᠨᠧᠷᠭᠢ ᠬᠠᠳᠠᠭᠠᠯᠠᠬᠤ ᠲᠣᠨᠣᠭᠯᠠᠯ ᠦᠶᠯᠡᠳᠭᠦ | ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠬᠤ ᠰᠢᠨ᠎ᠡ ᠨᠡᠮᠡᠭᠳᠡᠯ ᠤᠨ ᠴᠡᠭ ᠪᠤᠯᠭᠠᠵᠤ᠂ ᠥᠪᠡᠷᠲᠡᠭᠡᠨ ᠵᠠᠰᠠᠬᠤ | ᠣᠷᠣᠨ ᠴᠢᠨᠠᠭᠰᠢᠯᠠᠪᠠᠯ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠲᠣᠨᠣᠭᠯᠠᠯ ᠦᠶᠯᠡᠳᠭᠦ | ᠦᠢᠯᠡᠳᠪᠦᠷᠢᠯᠡᠯ ᠤᠨ ᠰᠠᠭᠤᠷᠢᠨ᠂ ᠴᠠᠭᠢᠯᠭᠠᠨ ᠭᠠᠷᠭᠠᠬᠤ ᠰᠠᠭᠤᠷᠢᠨ ᠪᠣᠯᠣᠨ ᠠᠵᠢᠯᠯᠠᠭᠠᠨ ᠤ ᠬᠢᠨᠠᠨ ᠰᠢᠨᠵᠢᠭᠦ ᠪᠠ | ᠰᠡᠯᠪᠢᠨ ᠬᠠᠮᠠᠭᠠᠯᠠᠬᠤ ᠰᠠᠭᠤᠷᠢᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ | ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ | ᠠᠩᠬ᠎ᠠ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠦᠢᠯᠡᠰ ᠪᠣᠰᠬᠠᠨ ᠦᠰᠦᠨ | ᠪᠣᠶᠢᠵᠢᠬᠤ ᠶᠢ ᠴᠤ ᠪᠠᠶᠠᠷᠯᠠᠨ ᠤᠭᠲᠤᠵᠤ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ︽ᠵᠠᠷᠤᠴᠠ︾ ᠪᠣᠯᠵᠤ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃ |