| 4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠨᠢ᠂ ᠮᠠᠨ ᠤ ᠣᠷᠣᠨ ᠤ ᠡᠯ᠎ᠡ ᠭᠠᠵᠠᠷ ᠤᠨ ᠬᠢᠨ | ᠣᠶᠤᠨᠴᠢᠯᠠᠭᠰᠠᠨ ᠮᠡᠷᠭᠡᠵᠢᠯ ᠢ ᠬᠡᠷᠡᠭᠯᠡᠬᠦ ᠪᠠ ᠲᠤᠰᠬᠠᠶᠢᠵᠢᠭᠰᠠᠨ ᠡᠩᠨᠡᠭᠡ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ | ᠰᠡᠷᠭᠡᠶᠢᠯᠡᠨ ᠬᠤᠷᠢᠭᠯᠠᠵᠤ ᠪᠠᠶᠢᠨ᠎ᠠ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠣᠶᠤᠨᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠪᠠᠷ ᠳᠠᠮᠵᠢᠭᠤᠯᠤᠨ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠶᠤᠯ | ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠪᠠᠶᠢᠨ᠎ᠠ᠃ | ᠦᠬᠠᠢ ᠬᠤᠳᠠ ᠳᠠᠬᠢ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ | ᠦᠢᠯᠡᠳᠪᠦᠷᠢᠯᠡᠯ ᠤᠨ ᠲᠣᠭᠤᠷᠢᠭ ᠲᠤ᠂ ᠠᠵᠤ ᠠᠬᠤᠶᠢᠯᠠᠯ ᠤᠨ ᠣᠷᠣᠭᠤᠯᠤᠨ ᠠᠪᠴᠢᠷᠠᠭᠰᠠᠨ ᠣᠶᠤᠨᠲᠤ ᠲᠣᠭᠤᠷᠢᠨ | ᠪᠠᠶᠢᠴᠠᠭᠠᠬᠤ ᠮᠠᠰᠢᠨ ᠬᠥᠮᠥᠨ ᠨᠢ ᠲᠥᠬᠦᠭᠡᠷᠦᠮᠵᠢ ᠨᠢᠭᠡᠪᠦᠷᠢ ᠶᠢᠨ ᠬᠤᠭᠤᠯᠠᠢ᠂ ᠨᠡᠭᠡᠯᠡᠭᠡᠢ ᠵᠡᠷᠭᠡ ᠲᠥᠬᠦᠭᠡᠷᠦᠮᠵᠢ ᠶᠢ | ᠲᠣᠭᠤᠷᠢᠨ ᠪᠠᠶᠢᠴᠠᠭᠠᠵᠤ ᠪᠤᠢ᠃ ᠠᠶᠤᠯ ᠦᠭᠡᠢ ᠦᠢᠯᠡᠳᠪᠦᠷᠢᠯᠡᠯ ᠢ ᠪᠠᠲᠤᠯᠠᠬᠤ ᠶᠢᠨ ᠲᠤᠰᠠᠳᠠ᠂ ᠠᠵᠤ | ᠠᠬᠤᠶᠢᠯᠠᠯ ᠤᠨ ᠬᠢᠨ ᠪᠠᠰᠠ ᠥᠷᠭᠡᠨ ᠬᠠᠷᠠᠭᠠᠰᠤ᠂ ᠪᠢᠴᠢᠯ ᠵᠠᠢ᠂ ᠢᠯᠴᠢ ᠪᠠᠷ ᠳᠦᠷᠰᠦ ᠪᠦᠲᠦᠭᠡᠬᠦ ᠵᠡᠷᠭᠡ | ᠴᠢᠳᠠᠪᠬᠢ ᠲᠠᠢ ᠳᠦᠷᠰᠦ ᠰᠢᠩᠭᠡᠭᠡᠬᠦ ᠮᠠᠰᠢᠨ ᠪᠣᠯᠣᠨ ᠥᠨᠳᠥᠷ ᠣᠭᠲᠠᠷᠭᠤᠢ ᠶᠢᠨ ︽ᠬᠠᠷᠴᠠᠭᠠᠢ ᠶᠢᠨ ᠨᠢᠳᠦ︾ | ᠬᠢᠨᠠᠨ ᠠᠵᠢᠭᠯᠠᠬᠤ ᠰᠢᠰᠲ᠋ᠧᠮ ᠵᠡᠷᠭᠡ ᠲᠥᠬᠦᠭᠡᠷᠦᠮᠵᠢ ᠨᠦᠭᠦᠳ ᠶᠢ ᠤᠭᠰᠠᠷᠠᠵᠤ᠂ ᠠᠳᠠᠯᠢ ᠪᠤᠰᠤ ᠡᠭᠦᠷᠭᠡ ᠶᠢᠨ | ᠱᠠᠭᠠᠷᠳᠠᠯᠭ᠎ᠠ ᠶᠢ ᠦᠨᠳᠦᠰᠦᠯᠡᠨ ᠵᠠᠮ ᠱᠤᠭᠤᠮ ᠢ ᠲᠣᠭᠤᠷᠢᠨ ᠪᠠᠶᠢᠴᠠᠭᠠᠵᠤ᠂ ᠴᠤᠭᠯᠠᠭᠤᠯᠤᠭᠰᠠᠨ ᠲᠤᠭ᠎ᠠ | ᠪᠠᠷᠢᠮᠲᠠ ᠪᠠᠨ ᠴᠠᠭ ᠲᠤᠬᠠᠢ ᠳᠤ ᠨᠢ ᠰᠢᠰᠲ᠋ᠧᠮ ᠳᠤ ᠣᠷᠣᠭᠤᠯᠤᠨ ᠪᠣᠳᠣᠯᠲᠠ ᠵᠠᠳᠠᠯᠤᠯᠲᠠ ᠬᠢᠵᠦ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠢ ᠳᠤ ᠨᠢ ᠰᠡᠷᠡᠮᠵᠢ ᠮᠡᠳᠡᠭᠦᠯᠦᠨ᠎ᠡ᠃ ᠲᠣᠰ ᠺᠣᠮᠫᠠᠨᠢ ᠶᠢᠨ ᠢᠨᠵᠧᠨᠧᠷ ᠸᠠᠩ ᠹᠧᠩ | ᠬᠡᠯᠡᠬᠦ ᠳᠤ ᠪᠠᠨ᠄ ︽ᠵᠣᠬᠢᠶᠠᠮᠠᠯ ᠣᠶᠤᠨᠴᠢ ᠢᠯᠭᠠᠨ ᠲᠠᠨᠢᠬᠤ ᠮᠡᠷᠭᠡᠵᠢᠯ ᠢᠶᠠᠷ ᠳᠡᠮᠵᠢᠨ ᠰᠢᠩᠭᠡᠨ ᠭᠤᠭᠤᠵᠢᠬᠤ᠂ | ᠳᠠᠷᠤᠯᠲᠠ ᠬᠡᠲᠦᠷᠡᠬᠦ᠂ ᠳᠤᠯᠠᠭᠠᠨ ᠬᠡᠲᠦᠷᠡᠬᠦ ᠵᠡᠷᠭᠡ ᠳᠠᠯᠳᠠ ᠭᠡᠮ ᠤᠳ ᠢ ᠢᠯᠭᠠᠨ ᠲᠠᠨᠢᠵᠤ᠂ 24 ᠴᠠᠭ ᠤᠨ | ᠲᠤᠷᠰᠢ ᠪᠡᠶ᠎ᠡ ᠪᠠᠨ ᠳᠠᠭᠠᠭᠠᠵᠤ ᠲᠣᠭᠤᠷᠢᠨ ᠴᠠᠭᠳᠠᠬᠤ ᠶᠢ ᠪᠡᠶᠡᠯᠡᠭᠦᠯᠵᠦ᠂ ᠬᠥᠮᠥᠨ ᠤ ᠬᠦᠴᠦᠨ ᠤ | ᠪᠠᠶᠢᠴᠠᠭᠠᠯᠲᠠ ᠶᠢ ᠪᠦᠷᠢᠮᠦᠰᠦᠨ ᠣᠷᠣᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠪᠡ︾ ᠭᠡᠵᠡᠢ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠤᠯᠠᠨ ᠭᠠᠵᠠᠷ ᠤᠨ ᠬᠢᠨ ᠪᠠᠰᠠ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠵᠣᠬᠢᠶᠠᠨ ᠪᠠᠶᠢᠭᠤᠯᠵᠤ ᠠᠶᠤᠯ ᠦᠭᠡᠢ ᠦᠢᠯᠡᠳᠪᠦᠷᠢᠯᠡᠯ ᠢ ᠪᠠᠲᠤᠯᠠᠵᠦ ᠪᠠᠶᠢᠨ᠎ᠠ᠃ | ᠣᠶᠢᠷ᠎ᠠ ᠶᠢᠨ ᠡᠳᠦᠷ ᠤᠳ ᠲᠤ᠂ ᠤᠯᠠᠭᠠᠨᠴᠠᠪ ᠤᠨ ᠹᠧᠩᠵᠧᠨ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠣᠨᠴᠠ ᠤᠷᠢᠭᠰᠠᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ | ᠮᠡᠷᠭᠡᠵᠢᠯᠲᠡᠳ ᠲᠠᠢ ᠬᠠᠮᠲᠤ ᠠᠵᠢᠯ ᠤᠨ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠠᠵᠤ ᠦᠢᠯᠡᠳᠪᠦᠷᠢ | ᠠᠷᠠᠯᠵᠢᠶᠠᠨ ᠤ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃ | ᠹᠧᠩᠵᠧᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠵᠣᠣ | ᠲᠦᠸᠧ ᠰᠤᠷᠪᠤᠯᠵᠢᠯᠠᠭᠴᠢ ᠳᠤ ᠬᠡᠯᠡᠬᠦ ᠳᠤ ᠪᠠᠨ᠄ ︽ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠭᠡᠮ | ᠢ ᠲᠤᠰᠬᠠᠢ ᠮᠡᠷᠭᠡᠵᠢᠯᠲᠡᠳ ᠬᠤᠯᠪᠣᠭᠳᠠᠯ ᠪᠦᠬᠦᠢ ᠰᠠᠨᠠᠯ ᠤᠨ ᠪᠢᠴᠢᠭ ᠭᠠᠷᠭᠠᠵᠤ᠂ ᠹᠧᠩᠵᠧᠨ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ | ᠬᠠᠤᠯᠢ ᠬᠡᠷᠡᠭᠵᠢᠭᠦᠯᠬᠦ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ︾ | ᠭᠡᠵᠡᠢ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠪᠦᠬᠦ ᠣᠷᠣᠨ ᠤ ᠡᠯ᠎ᠡ ᠭᠠᠵᠠᠷ ᠤᠨ ᠬᠢᠨ ᠠᠶᠤᠯ | ᠦᠭᠡᠢ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯ ᠦᠭᠡᠢ | ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠦᠨᠳᠦ ᠨᠣᠴᠢᠲᠠᠢ ᠠᠳᠡᠯ | ᠠᠮᠠᠷᠬᠠᠨ ᠭᠠᠷᠳᠠᠭ ᠠᠶᠤᠯ ᠶᠡᠭᠡ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ︽ᠦᠨᠡᠯᠡᠨ | ᠵᠢᠱᠢᠯᠲᠡ + ᠬᠠᠤᠯᠢ ᠬᠡᠷᠡᠭᠵᠢᠭᠦᠯᠦᠯᠲᠡ + ᠦᠢᠯᠡᠴᠢᠯᠡᠭᠡ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠶᠤᠯ ᠲᠠᠢ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ | ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠢᠯ ᠲᠦᠷᠦᠯ ᠳᠤ ᠲᠤᠰᠬᠠᠢ ᠴᠡᠭᠴᠡᠯᠡᠨ ᠵᠠᠰᠠᠯᠲᠠ ᠶᠢ | ᠥᠷᠨᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠦ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠦᠨᠳᠦᠰᠦᠨ ᠪᠠᠶᠢᠳᠠᠯ ᠢ ᠡᠷᠡᠰ ᠪᠠᠲᠤ ᠰᠠᠬᠢᠵᠤ ᠪᠠᠶᠢᠨ᠎ᠠ ᠭᠡᠪᠡ᠃ |