| 2023 ᠣᠨ ᠳᠤ᠂ ᠮᠠᠨ ᠤ ᠣᠷᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ | ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 1025᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ | 3900 ᠪᠠᠶᠢᠭᠤᠯᠵᠤ ᠳᠠᠭᠤᠰᠬᠠᠨ᠂ ᠶᠠᠪᠠᠭᠠᠨ ᠢᠶᠠᠷ 15 ᠮᠢᠨᠦ᠋ᠲ ᠲᠤ ᠬᠦᠷᠬᠦ ᠡᠮᠴᠢᠯᠡᠭᠡᠨ ᠤ ᠪᠠᠲᠤᠯᠠᠭ᠎ᠠ ᠶᠢᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠬᠦᠴᠦᠯᠡᠨ ᠪᠠᠶᠢᠭᠤᠯᠵᠤ᠂ ᠣᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠬᠦ ᠪᠠᠷ ᠪᠤᠢ᠃ | ᠣᠶᠢᠯᠠᠭᠠᠭᠰᠠᠨ ᠢᠶᠠᠷ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 | ᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ ᠶᠢᠨ | ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠭᠠᠳ᠂ ᠡᠭᠦᠷᠭᠡ | ᠴᠢᠳᠠᠪᠤᠷᠢ ᠶᠢᠨ ᠡᠷᠬᠡ ᠣᠯᠭᠤᠯᠲᠠ᠂ ᠦᠢᠯᠡᠴᠢᠯᠡᠭᠡᠨ ᠤ ᠲᠠᠯᠠᠪᠤᠷ ᠭᠠᠵᠠᠷ᠂ ᠠᠵᠢᠯᠲᠠᠨ ᠤ ᠲᠣᠬᠢᠷᠠᠭᠤᠯᠤᠯᠲᠠ ᠵᠡᠷᠭᠡ | ᠲᠠᠯ᠎ᠠ ᠪᠠᠷ ︽ᠠᠷᠪᠠ ᠶᠢ ᠪᠣᠳᠠᠲᠠᠶᠢᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠤᠨ᠂ | ᠦᠢᠯᠡᠴᠢᠯᠡᠭᠡᠨ ᠤ ᠥᠷᠲᠡᠭᠡ ᠠᠴᠠ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠳᠠᠭᠠᠳᠬᠠᠯ ᠳᠤ | ᠣᠷᠤᠯᠴᠠᠬᠤ ᠶᠢ ᠳᠠᠩᠰᠠᠯᠠᠬᠤ᠂ ᠡᠭᠦᠳᠡᠨ ᠡᠮᠨᠡᠯᠭᠡ ᠶᠢᠨ ᠵᠠᠷᠤᠳᠠᠯ ᠢ ᠲᠠᠩᠰᠠ ᠲᠠᠶᠢᠯᠬᠤ᠂ ᠬᠥᠩᠭᠡᠵᠢᠯ ᠤᠨ ᠨᠡᠮᠡᠯᠭᠡ | ᠮᠥᠩᠭᠦ ᠥᠭᠬᠦ᠂ ᠣᠨᠳᠣᠣ ᠭᠠᠵᠠᠷ ᠲᠤ ᠡᠮᠴᠢᠯᠡᠭᠦᠯᠦᠭᠰᠡᠨ ᠢ ᠳᠠᠩᠰᠠᠯᠠᠬᠤ ᠵᠡᠷᠭᠡ 17 ᠲᠦᠷᠦᠯ ᠤᠨ | ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠬᠦ ᠶᠢ ᠲᠣᠳᠤᠷᠬᠠᠶᠢᠯᠠᠪᠠ︔ ᠦᠢᠯᠡᠴᠢᠯᠡᠭᠡᠨ ᠤ ᠴᠡᠭ ᠠᠴᠠ | ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ᠂ ᠣᠨᠳᠣᠣ ᠭᠠᠵᠠᠷ ᠲᠤ ᠡᠮᠴᠢᠯᠡᠭᠦᠯᠦᠭᠰᠡᠨ ᠢ ᠳᠠᠩᠰᠠᠯᠠᠬᠤ ᠵᠡᠷᠭᠡ 7 ᠲᠦᠷᠦᠯ ᠤᠨ | ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠵᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠭᠦᠢᠴᠡᠳᠬᠡᠬᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠨᠢᠭᠡᠳᠦᠭᠡᠷ | ᠤᠯᠠᠷᠢᠯ ᠤᠨ ᠡᠴᠦᠰ ᠪᠣᠯᠲᠠᠯ᠎ᠠ᠂ ᠪᠥᠬᠦ ᠣᠷᠣᠨ ᠳᠤ ᠨᠢᠭᠡᠨᠲᠡ ᠦᠨᠳᠦᠰᠦᠨ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 314᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠴᠡᠭ ᠢ 1009 ᠪᠠᠶᠢᠭᠤᠯᠵᠠᠢ᠂ ᠥᠨᠥ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦᠨ ᠢ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠨᠢᠭᠡᠲᠦᠯᠲᠡᠢ ᠪᠣᠯᠪᠠᠰᠤᠷᠠᠯ᠂ | ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯᠲᠠᠳ ᠤᠨ ᠪᠣᠯᠪᠠᠰᠤᠷᠠᠯ ᠪᠠ | ᠮᠥᠷᠥᠶᠢᠴᠡᠭᠡᠨ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ | ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠪᠣᠯᠤᠨ᠎ᠠ᠃ |